ᠦᠨᠦ ᠵᠢᠯ ᠵᠠᠰᠠᠭ ᠪᠠᠯᠭᠠᠰᠤᠨ ᠤ ᠰᠠᠶᠢᠬᠤᠰᠤ ᠲᠣᠰᠬᠤᠨ ᠤ ᠵᠥᠪᠯᠡᠯ ᠨᠢ ᠲᠣᠰᠬᠤᠨ ᠤ ᠠᠷᠠᠳ ᠲᠠᠭᠠᠨ ᠭᠠᠵᠠᠷ ᠰᠢᠷᠤᠢ ᠶᠢ ᠨᠢᠭᠡᠳᠦᠬᠦᠯᠦᠨ | ᠲᠠᠭᠠᠭᠠᠴᠢᠯᠠᠬᠰᠠᠨ ᠮᠦᠩᠬᠦ ᠶᠢ ᠬᠤᠪᠢᠶᠠᠪᠠ᠃ | ᠰᠠᠶᠢᠬᠤᠰᠤ ᠲᠣᠰᠬᠤᠨ ᠤ ᠲᠠᠷᠢᠶᠠᠨ ᠭᠠᠵᠠᠷ ᠤᠨ ᠲᠠᠯᠠᠪᠠᠶ ᠨᠢ 3726 . 88 ᠮᠥ᠂ 321 ᠡᠷᠦᠬᠡ ᠶᠢᠨ821 ᠬᠥᠮᠦᠨ ᠲᠠᠢ᠃ ᠤᠶᠢᠷ᠎ᠠ ᠶᠢᠨ ᠵᠢᠯ | ᠭᠠᠳᠠᠬᠰᠢ ᠭᠠᠷᠴᠤ ᠠᠵᠢᠯ ᠬᠢᠳᠡᠭ ᠨᠢ ᠤᠯᠠᠰᠢᠷᠠᠵᠦ᠂ ᠲᠣᠰᠬᠤᠨ ᠳᠠᠭᠠᠨ ᠰᠠᠭᠤᠭ᠎ᠠ ᠬᠥᠮᠦᠰ ᠤᠨ ᠣᠯᠠᠩᠬᠢ ᠨᠢ ᠨᠠᠰᠤᠲᠠᠶᠢᠴᠤᠳ ᠪᠠᠶᠢᠵᠤ᠂ ᠲᠣᠰᠬᠤᠨ ᠤ | ᠠᠷᠠᠳ ᠤᠨ ᠵᠥᠪᠯᠡᠯ ᠤᠨ ᠤᠳᠤᠷᠢᠳᠬᠤ ᠪᠠᠭ ᠤᠨ ᠬᠢᠨ ᠪᠠᠶᠢᠴᠠᠭᠠᠨ ᠰᠤᠳᠤᠯᠤᠯᠲᠠ ᠪᠠᠷ ᠳᠠᠮᠵᠢᠨ᠂ ᠲᠣᠰᠬᠤᠨ ᠤ ᠠᠷᠠᠳ ᠢ ᠬᠠᠪᠰᠤᠷᠤᠨ ︽ᠭᠠᠵᠠᠷ ᠰᠢᠷᠣᠶ ᠶᠢᠨ | ᠳᠠᠩᠰᠠ︾ ᠶᠢ ᠲᠤᠳᠤᠷᠬᠠᠢ ᠪᠤᠳᠤᠨ ᠦᠭᠴᠦ᠂ ᠭᠠᠵᠠᠷ ᠰᠢᠷᠣᠶ ᠶᠢ ᠥᠭᠡᠷᠡᠴᠢᠯᠡᠨ᠂ ᠠᠳᠠᠷᠰᠢᠬᠰᠠᠨ ᠭᠠᠵᠠᠷ ᠢ ᠠᠰᠢᠬᠯᠠᠵᠦ᠂ ᠭᠠᠵᠠᠷ ᠰᠢᠷᠣᠶ ᠶᠢᠨ ᠥᠷᠲᠡᠭ ᠢ | ᠬᠠᠮᠤᠭ ᠤᠨ ᠶᠡᠭᠡ ᠪᠠᠷ ᠨᠡᠮᠡᠭᠳᠡᠬᠦᠯᠪᠡ᠃ | ᠣᠳᠣᠬᠠᠨ ᠳᠤ ᠰᠠᠶᠢᠬᠤᠰᠤ ᠲᠣᠰᠬᠤᠨ ᠤ ᠭᠤᠷᠪᠠᠳᠤᠭᠠᠷ ᠬᠤᠷᠰᠢᠶᠠᠨ ᠳᠤ ᠬᠡᠰᠡᠭᠯᠡᠨ ᠬᠤᠪᠢᠶᠠᠬᠰᠠᠨ 3 ᠬᠡᠰᠡᠭ ᠲᠠᠷᠢᠶᠠᠨ ᠭᠠᠵᠠᠷ 600 ᠮᠥ ᠣᠷᠴᠢᠮ | ᠪᠠᠶᠢᠵᠦ᠂ 445 ᠮᠥ ᠲᠠᠷᠢᠶ᠎ᠠ᠂ 35 ᠮᠥ ᠵᠢᠮᠢᠰ ᠤᠨ ᠤᠢ ᠪᠠᠶᠢᠵᠦ᠂ 120 ᠮᠥ ᠶᠢ ᠠᠳᠠᠷᠰᠢᠭᠤᠯᠪᠠ᠃ ᠣᠳᠣᠬᠠᠨ ᠤ ᠵᠠᠬ᠎ᠠ ᠳᠡᠯᠭᠡᠭᠦᠷ ᠤᠨ ᠭᠠᠵᠠᠷ ᠰᠢᠷᠤᠢ ᠶᠢᠨ | ᠲᠠᠭᠠᠭᠠᠴᠢᠯᠠᠯᠳᠠ ᠶᠢᠨ ᠦᠨ᠎ᠡ ᠪᠠᠷ ᠪᠤᠳᠤᠪᠠᠯ᠂ ᠨᠢᠭᠡ ᠮᠦ ᠭᠠᠵᠠᠷ ᠰᠢᠷᠤᠢ ᠶᠢ 650 ᠲᠥᠭᠦᠷᠢᠭ ᠢᠶᠠᠷ ᠲᠠᠭᠠᠭᠠᠴᠢᠯᠠᠪᠠᠯ ᠂ ᠰᠢᠭᠤᠳ ᠤᠷᠤᠯᠭ᠎ᠠ ᠨᠢ 390000 | ᠲᠥᠭᠦᠷᠢᠭ ᠪᠠᠶᠢᠵᠦ᠂ ᠡᠷᠦᠬᠡ ᠪᠦᠷᠢ ᠳᠤ 3000 ᠲᠥᠭᠦᠷᠢᠭ ᠣᠷᠴᠢᠮ ᠤᠨ ᠠᠰᠢᠭ ᠣᠷᠣᠯᠭ᠎ᠠ ᠬᠤᠪᠢᠶᠠᠵᠤ ᠪᠣᠯᠤᠨ᠎ᠠ᠃ | ᠰᠠᠶᠢᠬᠤᠰᠤ ᠲᠣᠰᠬᠤᠨ ᠤ ᠨᠠᠮ ᠤᠨ ᠡᠭᠦᠷ ᠤᠨ ᠱᠦᠵᠢ ᠵᠢᠶᠤᠤ ᠬᠠᠢ ᠵᠢᠶᠦ᠋ᠨ ᠰᠤᠷᠪᠤᠯᠵᠢᠯᠠᠬᠴᠢ ᠳᠤ᠄ ︽ᠲᠠᠷᠢᠶᠠᠴᠢᠨ ᠡᠷᠦᠬᠡ ᠶᠢᠨ ᠭᠠᠵᠠᠷ ᠰᠢᠷᠣᠶ ᠶᠢᠨ | ᠳᠠᠭᠠᠭᠠᠴᠢᠯᠠᠯᠲᠠ ᠶᠢᠨ ᠡᠷᠬᠡ ᠠᠰᠢᠭ ᠢ ᠬᠠᠮᠠᠭᠠᠯᠠᠭᠰᠠᠨ ᠰᠠᠭᠤᠷᠢᠨ ᠳᠡᠭᠡᠷ᠎ᠡ᠂ ᠪᠢᠳᠡ ᠲᠣᠰᠬᠤᠨ ᠳᠠᠭᠠᠨ ᠳᠣᠭᠢᠷᠠᠬᠤ ᠭᠠᠵᠠᠷ ᠰᠢᠷᠤᠢ ᠶᠢ ᠨᠢᠭᠡᠳᠦᠬᠦᠯᠬᠦ ᠵᠠᠭᠪᠤᠷ ᠢ | ᠬᠠᠶᠢᠨ ᠰᠦᠪᠡᠭᠴᠢᠯᠡᠵᠦ᠂ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠬᠦᠯᠦᠨ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠪᠤᠵᠠᠭᠠᠶᠢᠷᠠᠯ ᠪᠠ ᠬᠦᠭᠵᠢᠯᠳᠡ ᠶᠢ | ᠲᠠᠶᠢᠴᠢᠯᠠᠵᠦ ᠪᠠᠶᠢᠨ᠎ᠠ 》ᠭᠡᠵᠦ ᠪᠠᠶᠢᠯ᠎ᠠ᠃ | |