ᠵᠠᠰᠠᠭ ᠪᠠᠯᠭᠠᠰᠤ ᠤᠤᠭᠤᠬᠤ ᠤᠰᠤᠨ ᠤ ᠠᠮᠤᠷ ᠲᠥᠪᠰᠢᠨ ᠢ ᠪᠠᠲᠦᠯᠠᠵᠦ ᠠᠷᠠᠳ ᠤᠨ ᠰᠡᠳᠬᠢᠯ ᠢ ᠳᠣᠯᠠᠭᠠᠴᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/4/7
      ᠡᠵᠡᠨ ᠬᠤᠷᠤᠭ᠎ᠠ ᠬᠤᠰᠢᠭᠤᠨ ᠤ ᠵᠠᠰᠠᠭ ᠪᠠᠯᠭᠠᠰᠤ ᠬᠥᠳᠡᠭᠡ ᠲᠣᠰᠬᠤᠨ ᠤ ᠤᠰᠤ ᠬᠠᠩᠭᠠᠬᠤ ᠨᠥᠬᠦᠴᠡᠯ ᠢ ᠰᠠᠶᠢᠵᠢᠷᠠᠭᠤᠯᠤᠨ᠂ ᠤᠤᠭᠤᠬᠤ ᠤᠰᠤᠨ ᠤ ᠠᠮᠤᠷ ᠲᠥᠪᠰᠢᠨ ᠢ ᠪᠠᠲᠤᠯᠠᠬᠤ ᠶᠢ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠲᠡᠷᠢᠭᠦᠨ ᠴᠢᠬᠤᠯᠠ ᠶᠠᠪᠤᠳᠠᠯ ᠪᠤᠯᠭᠠᠨ ᠠᠳᠬᠤᠵᠤ᠂ ᠭᠠᠴᠠᠭ᠎ᠠ ᠲᠣᠰᠬᠤᠨ ᠤ ᠤᠤᠭᠤᠬᠤ ᠤᠰᠤᠨ ᠤ ᠠᠮᠤᠷ ᠲᠥᠪᠰᠢᠨ ᠢ ᠪᠠᠳᠤᠯᠠᠬᠤ ︽ᠡᠴᠤᠰ ᠤᠨ ᠨᠢᠭᠡ ᠺᠢᠯᠣᠮᠧᠲᠷ︾᠎ ᠢ ᠨᠡᠪᠳᠡᠷᠡᠭᠦᠯᠬᠦ ᠡᠭᠦᠳᠡᠨ ᠠᠴᠠ 130 ᠲᠦᠮᠡᠨ ᠲᠥᠭᠦᠷᠢᠭ ᠤᠨ ᠪᠡᠯᠡ ᠮᠦᠡᠭᠭᠦ ᠵᠠᠷᠤᠴᠠᠭᠤᠯᠵᠤ᠂ ᠬᠤᠶᠢᠭ ᠤᠨ ᠰᠢᠯᠢ ᠲᠣᠰᠬᠤᠨ ᠵᠡᠷᠭᠡ 11 ᠭᠠᠴᠠᠭ᠎ᠠ ᠲᠣᠰᠬᠤᠨ ᠤ ᠤᠤᠭᠤᠬᠤ ᠤᠰᠤᠨ ᠤ ᠬᠠᠮᠢᠶᠠᠷᠤᠯᠳᠡ ᠶᠢᠨ ᠲᠣᠣᠷ ᠢ ᠦᠭᠡᠷᠡᠴᠢᠯᠡᠨ ᠰᠠᠶᠢᠵᠢᠷᠠᠭᠤᠯᠪᠡ᠃ ᠣᠳᠣᠬᠠᠨ ᠳᠤ᠂ ᠬᠤᠭᠤᠯᠠᠢ ᠲᠤᠤᠷ ᠢ 49.5 ᠺᠢᠯᠣᠮᠧᠲᠷ ᠵᠠᠰᠠᠨ ᠥᠭᠡᠷᠡᠴᠢᠯᠡᠵᠦ᠂ 5 ᠬᠤᠳᠳᠤᠭ ᠮᠠᠯᠳᠠᠵᠤ᠂ 4 ᠤᠰᠤᠨ ᠴᠠᠮᠬᠠᠭ ᠢ ᠰᠢᠨ᠎ᠡ ᠪᠠᠷ ᠤᠭᠰᠠᠷᠠᠪᠠ᠃ ᠡᠭᠦᠨ ᠤ ᠬᠠᠮᠳᠤ ᠪᠠᠰᠨ ᠤᠰᠤᠨ ᠤ ᠴᠢᠨᠠᠷ ᠤᠨ ᠠᠮᠤᠷ ᠲᠥᠪᠰᠢᠨ ᠤ ᠪᠠᠶᠢᠴᠠᠭᠠᠯᠲᠠ ᠶᠢ ᠴᠢᠩᠭᠠᠳᠬᠠᠪᠠ᠃       ︽ᠥᠩᠭᠡᠷᠡᠭᠰᠡᠨ ᠳᠤ ᠪᠢᠳᠡ ᠤᠰᠤ ᠶᠢ ᠬᠦᠷᠢᠶᠡᠨ ᠭᠠᠳᠠᠨ᠎ᠠ ᠠᠴᠠ ᠳᠠᠮᠨᠠᠵᠤ ᠠᠪᠴᠢᠷᠡᠨ ᠬᠡᠷᠡᠭᠯᠡᠳᠡᠭ ᠪᠠᠶᠢᠬᠰᠡᠨ᠂ ᠤᠳᠤ ᠵᠠᠰᠡᠨ ᠦᠭᠡᠷᠡᠴᠢᠯᠡᠭᠰᠡᠨ ᠠᠴᠠ ᠨᠠᠭᠠᠰᠢ ᠲᠦᠭᠡᠭᠡᠯ ᠤᠰᠤ ᠭᠡᠷ ᠲᠤᠳᠤᠷ᠎ᠠ ᠨᠡᠪᠳᠡᠷᠡᠭᠡᠳ᠂ ᠤᠰᠤᠨ ᠴᠣᠷᠭᠤ ᠪᠠᠨ ᠨᠡᠭᠡᠭᠡᠮᠡᠭᠴᠡ ᠴᠡᠪᠡᠷ ᠲᠤᠩᠭᠠᠯᠠᠭ ᠤᠰᠤ ᠳᠠᠷᠤᠢ ᠢᠷᠡᠴᠢᠭᠡᠳᠡᠭ ᠪᠤᠯᠤᠬᠰᠡᠨ ᠠᠴᠠ ᠬᠤᠭᠤᠯᠠ ᠬᠢᠬᠦ᠂ ᠬᠤᠪᠴᠠᠰᠤ ᠤᠬᠢᠶᠠᠬᠤ᠂ ᠮᠠᠯ ᠬᠤᠢ ᠪᠠᠨ ᠤᠰᠤᠯᠠᠬᠤ ᠳᠤ ᠴᠦᠮ ᠲᠤᠩ ᠲᠦᠭᠦᠮ ᠪᠤᠯᠵᠠᠢ︾ ᠭᠡᠵᠤ ᠴᠠᠭᠠᠨᠴᠠᠶᠢᠳᠠᠮ ᠭᠠᠴᠠᠭᠠᠨ ᠤ ᠮᠠᠯᠴᠢᠨ ᠺᠠᠨᠭ᠌ ᠷᠦᠢ ᠶᠠᠷᠢᠵᠤ ᠪᠠᠶᠢᠯ᠎ᠠ᠃      ︽ᠲᠤᠩ ᠰᠠᠶᠢᠨ ᠪᠤᠯᠤᠬᠰᠡᠨ ᠰᠢᠤ᠂ ᠪᠢᠳᠡ ᠲᠦᠭᠡᠭᠡᠯ ᠤᠰᠤ ᠶᠢ ᠰᠠᠨᠠᠭ᠎ᠠ ᠠᠮᠤᠷ ᠤᠯᠵᠤ ᠡᠳ᠋ᠯᠡᠬᠦ ᠪᠣᠯᠤᠯ᠎ᠠ᠂ ᠬᠤᠶᠢᠰᠢᠳᠡ ᠤᠰᠤ ᠬᠦᠷᠦᠯᠴᠡᠬᠦ ᠦᠭᠡᠢ ᠭᠡᠵᠤ ᠵᠣᠪᠠᠭ᠋ᠤ ᠶᠠᠪᠤᠳᠠᠯ ᠥᠭᠡᠢ᠃ ᠪᠢᠳᠡᠨ ᠳᠤ ᠥᠨᠡᠭᠡᠷ ᠲᠤᠰᠨ ᠳᠡᠮ ᠦᠵᠡᠭᠦᠯᠦᠭᠰᠡᠨ ᠰᠢᠤ︾ ᠭᠡᠵᠤ ᠬᠤᠶᠢᠭ ᠤᠨ ᠰᠢᠯᠢ ᠲᠤᠰᠬᠤᠨ ᠤ ᠠᠷᠠᠳ ᠶᠠᠩ ᠵᠸᠡᠭ ᠮᠢᠩ ᠰᠡᠳᠬᠢᠯ ᠳᠤᠭᠳᠤᠯᠤᠨ ᠶᠠᠷᠢᠵᠤ ᠪᠠᠶᠢᠯ᠎ᠠ᠃  
 66990957_06HNIID5OW(0N2F(E7UM.jpg
51941189_AQUB77_LUWPCL9LET6B7KA.jpg
3.jpg
4.jpg
5.jpg
6.jpg
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ