ᠤᠮᠠᠷᠠᠲᠤ ᠬᠢᠯᠢ ᠶᠢᠨ ᠰᠣᠶᠣᠯ ᠤᠨ ᠢᠯᠡᠷᠬᠡᠶᠢᠯᠡᠯ ᠲᠡᠮᠳᠡᠭ ᠢ ᠨᠡᠶᠢᠲᠡᠯᠡᠪᠡ
ᠨᠡᠶᠢᠲᠡᠯᠡᠭᠰᠡᠨ ᠴᠠᠭ᠄
2024/4/9
       4 ᠰᠠᠷ᠎ᠠ ᠶᠢᠨ 7᠎ ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠠᠴᠠ ᠵᠢᠯᠤᠭᠤᠳᠴᠤ ᠂ ᠥᠪᠥᠷ ᠮᠣᠩᠭᠤᠯ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠵᠡᠷᠭᠡ ᠨᠢᠭᠡᠴᠢ ᠠᠴᠠ ᠵᠣᠬᠢᠶᠠᠨ ᠪᠠᠶᠢᠭᠤᠯᠤᠨ ᠵᠢᠷᠤᠵᠤ ᠲᠥᠯᠥᠪᠯᠡᠵᠦ ᠴᠤᠭᠯᠠᠭᠤᠯᠤᠭᠰᠠᠨ ᠤᠮᠠᠷᠠᠲᠤ ᠬᠢᠯᠢ ᠶᠢᠨ ᠰᠣᠶᠣᠯ ᠤᠨ ᠢᠯᠡᠷᠬᠡᠶᠢᠯᠡᠯ ᠲᠡᠮᠳᠡᠭ ᠢ ᠵᠢᠩᠬᠢᠨᠢ ᠪᠠᠷ ᠨᠡᠶᠢᠲᠡᠯᠡᠪᠡ ᠃
1.jpg
      ᠤᠮᠠᠷᠠᠲᠤ ᠬᠢᠯᠢ ᠶᠢᠨ ᠰᠣᠶᠣᠯ ᠤᠨ ᠢᠯᠡᠷᠬᠡᠶᠢᠯᠡᠯ ᠲᠡᠮᠳᠡᠭ      ᠤᠮᠠᠷᠠᠲᠤ ᠬᠢᠯᠢ ᠶᠢᠨ ᠰᠣᠶᠣᠯ ᠤᠨ ᠢᠯᠡᠷᠬᠡᠶᠢᠯᠡᠯ ᠲᠡᠮᠳᠡᠭ ᠢ ᠵᠢᠷᠤᠵᠤ ᠲᠥᠯᠥᠪᠯᠡᠬᠦ ᠠᠵᠢᠯ ᠢ ᠥᠷᠨᠢᠭᠦᠯᠦᠭᠰᠡᠨ ᠠᠴᠠ ᠨᠠᠭᠠᠰᠢ ᠂ ᠴᠢᠩᠬᠤᠸᠠ ᠶᠡᠭᠡ ᠰᠤᠷᠭᠠᠭᠤᠯᠢ ᠶᠢᠨ ᠤᠷᠠᠨ ᠵᠢᠷᠤᠭ ᠤᠨ ᠳᠡᠭᠡᠳᠦ ᠰᠤᠷᠭᠠᠭᠤᠯᠢ ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠤᠷᠠᠯᠢᠭ ᠬᠢᠭᠡᠳ ᠵᠠᠭᠤᠴᠢᠯᠠᠭᠤᠷ ᠤᠨ ᠳᠡᠭᠡᠳᠦ ᠰᠤᠷᠭᠠᠭᠤᠯᠢ ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠤᠷᠠᠨ ᠵᠢᠷᠤᠭ ᠤᠨ ᠳᠡᠭᠡᠳᠦ ᠰᠤᠷᠭᠠᠭᠤᠯᠢ ᠵᠡᠷᠭᠡ ᠨᠢᠭᠡ ᠪᠦᠯᠦᠭ ᠲᠤᠰᠬᠠᠢ ᠮᠡᠷᠭᠡᠵᠢᠯ ᠤᠨ ᠪᠦᠯᠭᠦᠮ ᠲᠥᠰᠥᠯ ᠤᠨ ᠵᠢᠷᠤᠵᠤ ᠲᠥᠯᠥᠪᠯᠡᠬᠦ ᠳᠤ ᠣᠷᠣᠯᠴᠠᠵᠤ ᠂ ᠨᠡᠶᠢᠳᠠ 234 ᠤᠮᠠᠷᠠᠲᠤ ᠬᠢᠯᠢ ᠶᠢᠨ ᠰᠣᠶᠣᠯ ᠤᠨ ᠢᠯᠡᠷᠬᠡᠶᠢᠯᠡᠯ ᠲᠡᠮᠳᠡᠭ ᠢ ᠵᠢᠷᠤᠵᠤ ᠲᠥᠯᠥᠪᠯᠡᠭᠰᠡᠨ ᠲᠥᠰᠥᠯ ᠢ ᠴᠤᠭᠯᠠᠭᠤᠯᠪᠠ ᠃ ᠲᠤᠰᠬᠠᠢ ᠮᠡᠷᠭᠡᠵᠢᠯᠲᠡᠨ ᠤ ᠣᠯᠠᠨ ᠤᠳᠠᠭᠠᠨ ᠤ ᠰᠢᠯᠭᠠᠷᠠᠭᠤᠯᠤᠯᠲᠠ ᠪᠠᠷ ᠳᠡᠮᠵᠢᠵᠤ ᠂ ᠴᠢᠩᠬᠤᠸᠠ ᠶᠡᠭᠡ ᠰᠤᠷᠭᠠᠭᠤᠯᠢ ᠶᠢᠨ ᠤᠷᠠᠨ ᠵᠢᠷᠤᠭ ᠤᠨ ᠳᠡᠭᠡᠳᠦ ᠰᠤᠷᠭᠠᠭᠤᠯᠢ ᠶᠢᠨ ᠵᠢᠷᠤᠵᠤ ᠲᠥᠯᠥᠪᠯᠡᠭᠰᠡᠨ ᠤᠮᠠᠷᠠᠲᠤ ᠬᠢᠯᠢ ᠶᠢᠨ ᠰᠣᠶᠣᠯ ᠤᠨ ᠢᠯᠡᠷᠬᠡᠶᠢᠯᠡᠯ ᠲᠡᠮᠳᠡᠭ ᠡᠴᠦᠰ ᠲᠡᠭᠡᠨ ᠰᠢᠯᠭᠠᠷᠠᠭᠤᠯᠤᠭᠳᠠᠪᠠ ᠃      ᠤᠮᠠᠷᠠᠲᠤ ᠬᠢᠯᠢ ᠶᠢᠨ ᠰᠣᠶᠣᠯ ᠤᠨ ᠢᠯᠡᠷᠬᠡᠶᠢᠯᠡᠯ ᠲᠡᠮᠳᠡᠭ ᠨᠢ ᠪᠦᠬᠦᠯᠢ ᠴᠣᠭᠴᠠ ᠪᠠᠷ ᠢᠶᠠᠨ ᠤᠯᠠᠭᠠᠨ ᠲᠤᠭ ᠤᠨ ᠭᠡᠯᠪᠡᠷᠢ ᠲᠠᠢ ᠪᠠᠶᠢᠵᠤ ᠂  ᠤᠯᠠᠭᠠᠨ ᠥᠩᠭᠡ ᠪᠠᠷ ᠭᠤᠣᠯᠯᠠᠵᠤ ᠂ ᠨᠠᠮ ᠤᠨ ᠤᠳᠤᠷᠢᠳᠤᠯᠭ᠎ᠠ ᠳᠣᠣᠷ᠎ᠠ ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠤᠪᠢᠰᠬᠠᠯ ᠤᠨ ᠤᠳᠤᠮᠰᠢᠯ ᠢᠶᠠᠨ ᠤᠯᠠᠮᠵᠢᠯᠠᠨ ᠵᠠᠯᠭᠠᠮᠵᠢᠯᠠᠬᠤ ᠶᠢ ᠪᠡᠯᠭᠡᠳᠡᠭᠰᠡᠨ ᠪᠠᠶᠢᠨ᠎ᠠ ᠃ ᠵᠡᠭᠦᠨ ᠠᠴᠠ ᠪᠠᠷᠠᠭᠤᠨᠰᠢ ᠢᠯᠡᠷᠬᠡᠶᠢᠯᠡᠯ ᠲᠡᠮᠳᠡᠭ ᠤᠨ ᠡᠮᠦᠨ᠎ᠡ ᠦᠵᠦᠭᠦᠷ ᠨᠢ ᠮᠣᠷᠢᠨ ᠤ ᠲᠣᠯᠣᠭᠠᠢ ᠂ ᠬᠤᠶᠢᠲᠤ ᠦᠵᠦᠭᠦᠷ ᠨᠢ ᠬᠡᠶᠢᠰᠴᠦ ᠪᠠᠶᠢᠭ᠎ᠠ ᠲᠠᠯ ᠪᠠᠶᠢᠵᠤ ᠂ ᠬᠠᠷᠠᠭᠠᠨ ᠰᠡᠷᠡᠯ ᠤᠨ ᠲᠠᠯ᠎ᠠ ᠪᠠᠷ ᠳᠠᠪᠬᠢᠨ ᠤᠷᠤᠭᠰᠢᠯᠠᠵᠤ ᠪᠠᠶᠢᠭ᠎ᠠ ᠮᠣᠩᠭᠤᠯ ᠮᠣᠷᠢᠨ ᠤ ᠳᠦᠷᠰᠦ ᠪᠠᠶᠢᠳᠠᠯ ᠢᠯᠡᠷᠡᠵᠦ ᠂ ︽ ᠬᠦᠴᠢᠷ ᠪᠡᠷᠬᠡᠰᠢᠶᠡᠯ ᠢ ᠳᠠᠭᠠᠭᠠᠵᠤ ᠂ ᠴᠤᠴᠠᠰᠢ ᠦᠭᠡᠢ ᠤᠷᠤᠭᠰᠢᠯᠠᠵᠤ ᠂  ᠵᠣᠷᠢᠭᠰᠠᠨ ᠳᠠᠭᠠᠨ ᠵᠠᠪᠠᠯ ᠬᠦᠷᠬᠦ︾ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠡᠯᠭᠡᠳᠡᠵᠡᠢ ᠃ ᠤᠯᠠᠭᠠᠨ ᠲᠤᠭ ᠢᠯᠡᠷᠬᠡᠶᠢᠯᠡᠯ ᠲᠡᠮᠳᠡᠭ ᠤᠨ ᠳᠣᠣᠷ᠎ᠠ ᠦᠵᠦᠭᠦᠷ ᠨᠢ ᠤᠷᠲᠤ ᠴᠠᠭᠠᠨ ᠬᠡᠷᠡᠮ ᠂ ᠬᠠᠲᠤᠨ ᠭᠤᠣᠯ ᠤᠨ  ︽ᠲᠣᠬᠤᠢ ᠶᠢᠨ ᠬᠡᠰᠡᠭ︾ ᠪᠠ ᠲᠠᠯ᠎ᠠ ᠨᠤᠲᠤᠭ ᠪᠣᠯᠣᠨ᠎ᠠ ᠃ ᠣᠷᠳᠣ ᠴᠠᠭᠠᠨ ᠬᠡᠷᠡᠮ ᠪᠣᠯᠣᠨ ᠬᠠᠲᠤᠨ ᠭᠤᠣᠯ ᠥᠪᠥᠷ ᠮᠣᠩᠭᠤᠯ ᠳᠤ ᠲᠠᠪᠤᠳᠠ  ᠵᠣᠯᠭᠠᠵᠤ ᠂ ᠳᠤᠮᠳᠠᠳᠤ ᠶᠢᠨ ᠪᠣᠯᠪᠠᠰᠤᠨ ᠤ ᠭᠡᠷᠡᠯ ᠰᠠᠴᠤᠷᠠᠩᠭᠤᠢ ᠠᠮᠵᠢᠯᠲᠠ ᠶᠢ ᠠᠴᠢᠶᠠᠯᠠᠵᠤ ᠂  ᠤᠮᠠᠷᠠᠲᠤ ᠬᠢᠯᠢ ᠶᠢᠨ ᠡᠬᠡ ᠭᠠᠵᠠᠷ ᠳᠡᠭᠡᠷᠡᠬᠢ ᠭᠦᠨ ᠵᠤᠵᠠᠭᠠᠨ ᠲᠡᠦᠬᠡ ᠰᠣᠶᠣᠯ ᠪᠠ ᠡᠯᠪᠡᠭ ᠪᠠᠶᠠᠯᠢᠭ ᠰᠣᠶᠣᠯ ᠢᠷᠭᠡᠨᠰᠢᠯ ᠤᠨ ᠡᠬᠢ ᠪᠠᠶᠠᠯᠢᠭ ᠢ ᠢᠯᠡᠷᠡᠭᠦᠯᠪᠡ ᠃ ᠤᠯᠠᠭᠠᠨ ᠲᠤᠭ ᠤᠨ ᠵᠢᠭᠠᠭᠰᠠᠨ ᠴᠢᠭᠯᠡᠯ ᠪᠣᠯ ᠮᠣᠩᠭᠤᠯ ᠮᠣᠷᠢᠨ ᠤ ᠳᠡᠭᠦᠯᠢᠨ ᠤᠷᠤᠭᠰᠢᠯᠠᠬᠤ ᠴᠢᠭᠯᠡᠯ ᠮᠥᠨ ᠂ ᠨᠠᠮ ᠤᠨ ᠤᠳᠤᠷᠢᠳᠤᠯᠭ᠎ᠠ ᠳᠣᠣᠷ᠎ᠠ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠶᠢ ᠪᠡᠯᠭᠡᠳᠡᠪᠡ ᠃ ᠢᠯᠡᠷᠬᠡᠶᠢᠯᠡᠯ ᠲᠡᠮᠳᠡᠭ ᠤᠨ ᠪᠠᠷᠠᠭᠤᠨ ᠳᠡᠭᠡᠷ᠎ᠡ ᠲᠠᠯ᠎ᠠ ᠳᠠᠬᠢ ︽ᠤᠮᠠᠷᠠᠲᠤ ᠬᠢᠯᠢ ᠶᠢᠨ ᠰᠣᠶᠣᠯ︾᠎ ᠤᠨ ᠲᠠᠮᠠᠭ᠎ᠠ ᠨᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠠᠭᠤᠯᠤᠭᠳᠠᠬᠤᠨ ᠪᠠ ᠭᠦᠭ ᠠᠶᠠᠰ ᠢ ᠬᠦᠴᠦᠯᠡᠨ ᠢᠯᠡᠷᠡᠭᠦᠯᠵᠡᠢ ᠃   
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ