ᠵᠠᠰᠠᠭ ᠪᠠᠯᠭᠠᠰᠤ ᠶᠢᠨ ᠨᠤᠮ ᠤᠨ ᠰᠠᠩ ᠤᠯᠡᠨ ᠤ ᠬᠦᠷᠢᠶᠡᠯᠡᠯ ᠢ ᠤᠯᠵᠤ ᠪᠤᠢ
ᠨᠡᠶᠢᠲᠡᠯᠡᠭᠰᠡᠨ ᠴᠠᠭ᠄
2024/4/9
      ᠵᠠᠰᠠᠭ ᠪᠠᠯᠭᠠᠰᠤ ᠶᠢᠨ ᠨᠣᠮ ᠤᠨ ᠰᠠᠩ ᠵᠢᠴᠢ ᠵᠠᠯᠠᠭᠤᠴᠤᠳ ᠪᠠᠭᠠᠴᠤᠳ ᠤᠨ ᠬᠡᠪ ᠪᠤᠯᠪᠠᠰᠤᠷᠠᠯ ᠤᠨ ᠰᠤᠷᠭᠠᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ ᠢ 2023 ᠣᠨ ᠤ 10 ᠰᠠᠷ᠎ᠠ ᠳᠤ ᠠᠰᠢᠭᠯᠠᠯᠲᠠ ᠳᠤ ᠤᠷᠤᠭᠤᠯᠵᠠᠢ᠃ ᠲᠤᠰ ᠨᠤᠮ ᠤᠨ ᠰᠠᠩ ᠤᠨ ᠡᠵᠡᠯᠡᠬᠦ ᠲᠠᠯᠠᠪᠠᠢ ᠨᠢ 761 ᠲᠡᠭᠰᠢ ᠳᠥᠷᠪᠡᠯᠵᠢᠨ ᠮᠧᠳ᠋ᠷ᠂ ᠶᠡᠷᠦᠩᠬᠡᠢ ᠪᠡᠯᠡ ᠣᠷᠣᠭᠤᠯᠤᠯᠲᠠ ᠨᠢ 160 ᠲᠦᠮᠡᠨ ᠲᠥᠭᠦᠷᠢᠭ ᠪᠠᠶᠢᠵᠤ᠂ ᠪᠠᠯᠭᠠᠰᠤᠨ ᠤ ᠤᠯᠡᠨ ᠲᠦᠮᠡᠨ ᠤ ᠰᠤᠶᠤᠯ ᠤᠨ ᠬᠡᠷᠡᠭᠴᠡᠭᠡ ᠱᠠᠭᠠᠷᠳᠠᠯᠭ᠎ᠠ ᠶᠢ ᠬᠠᠨᠭ᠍ᠭᠠᠬᠤ ᠪᠠᠷ ᠵᠤᠷᠢᠯᠭ᠎ᠠ ᠪᠠᠨ ᠪᠤᠯᠭᠠᠵᠤ᠂ ᠨᠣᠮ ᠤᠩᠰᠢᠬᠤ᠂ ᠨᠣᠮ ᠵᠢᠭᠡᠯᠡᠬᠦ ᠬᠠᠮᠢᠶ᠎ᠠ ᠪᠦᠭᠦᠢ ᠦᠢᠯᠡᠴᠢᠯᠡᠭᠡ ᠬᠠᠩᠭᠠᠬᠤ ᠵᠡᠷᠭᠡ ᠴᠢᠳᠠᠮᠵᠢ ᠪᠦᠷᠢᠨ ᠮᠦᠷᠳᠡᠭᠡᠨ 120 ᠬᠥᠮᠦᠨ ᠨᠢᠭᠡᠯᠨ ᠲᠤᠤᠷ᠎ᠠ ᠨᠤᠮ ᠤᠡᠭᠰᠢᠬᠤ ᠶᠢ ᠪᠠᠭᠳᠠᠭᠠᠵᠤ ᠲᠠᠶᠢᠯᠬᠦ ᠤᠷᠤᠨ ᠵᠠᠢ ᠶᠢ ᠬᠠᠨᠭ᠍ᠭᠠᠵᠠᠢ᠃      ᠨᠣᠮ ᠤᠨ ᠰᠠᠩ ᠤᠨ ᠳᠣᠲᠣᠷ᠎ᠠ ᠣᠳᠣᠬᠠᠨ ᠳᠤ ᠤᠳᠬ᠎ᠠ ᠵᠣᠬᠢᠶᠠᠯ᠂ ᠦᠭᠡ ᠬᠡᠯᠡ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠭᠦ᠂ ᠰᠤᠷᠭᠠᠨ ᠬᠥᠮᠦᠵᠢᠯ ᠵᠡᠷᠭᠡ 20 ᠭᠠᠷᠤᠢ ᠲᠥᠷᠥᠯ ᠵᠦᠢᠯ ᠢ ᠪᠠᠭᠲᠠᠭᠠᠭᠰᠠᠨ 1.3 ᠲᠦᠮᠡ ᠭᠠᠷᠤᠢ ᠢᠵᠢ ᠳᠡᠪᠲᠡᠷ ᠢ ᠬᠠᠳᠠᠭᠠᠯᠠᠵᠤ ᠪᠤᠢ᠃ ︽ᠪᠢ ᠠᠩᠬ᠎ᠠ ᠤᠳᠠᠭ᠎ᠠ ᠡᠨᠡ ᠨᠣᠮ ᠤᠨ ᠰᠠᠩ ᠳᠤ ᠢᠷᠡᠵᠦ ᠪᠠᠶᠢᠨ᠎ᠠ᠂ ᠠᠳᠡᠬᠢ ᠣᠷᠴᠢᠨ ᠲᠣᠭᠤᠷᠢᠨ ᠨᠠᠮ ᠵᠢᠮ ᠮᠥᠷᠲᠡᠭᠡᠨ ᠴᠡᠪᠡᠷ᠂ ᠨᠣᠮ ᠲᠡᠪᠳᠡᠷ ᠨᠢ ᠴᠤ ᠲᠦᠢᠯ ᠤᠨ ᠡᠯᠪᠡᠭ᠂ ᠰᠡᠭᠦᠯᠡᠷ ᠦᠷᠭᠦᠯᠵᠢ ᠬᠡᠦᠬᠡᠳ ᠢᠶᠠᠨ ᠳᠠᠭᠠᠭᠤᠯᠤᠨ ᠢᠷᠡᠵᠤ ᠰᠤᠷᠤᠯᠴᠠᠶ᠎ᠠ ᠭᠡᠵᠤ ᠪᠤᠳᠤᠵᠤ ᠪᠠᠶᠢᠨ᠎ᠠ︾ ᠭᠡᠵᠤ ᠲᠤᠰ ᠪᠠᠯᠭᠠᠰᠤᠨ ᠤ ᠰᠠᠭᠤᠭᠠᠯᠢ ᠠᠷᠠᠳ ᠵᠧᠦ ᠶᠤᠸᠠᠨ ᠵᠢᠶᠥ᠋ᠨ ᠶᠠᠷᠢᠨ᠎ᠠ᠃
1.jpg
2.jpg
3.jpg
4.jpg
5.jpg
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ