| ᠤᠮᠠᠷᠠᠲᠤ ᠬᠢᠯᠢ ᠶᠢᠨ ᠰᠣᠶᠣᠯ ᠤᠨ ᠢᠯᠡᠷᠬᠡᠶᠢᠯᠡᠯ ᠲᠡᠮᠳᠡᠭ | ᠤᠮᠠᠷᠠᠲᠤ ᠬᠢᠯᠢ ᠶᠢᠨ ᠰᠣᠶᠣᠯ ᠤᠨ ᠢᠯᠡᠷᠬᠡᠶᠢᠯᠡᠯ ᠲᠡᠮᠳᠡᠭ ᠢ ᠵᠢᠷᠤᠵᠤ ᠲᠥᠯᠥᠪᠯᠡᠬᠦ ᠠᠵᠢᠯ ᠢ ᠥᠷᠨᠢᠭᠦᠯᠦᠭᠰᠡᠨ ᠠᠴᠠ ᠨᠠᠭᠠᠰᠢ ᠂ ᠴᠢᠩᠬᠤᠸᠠ ᠶᠡᠭᠡ | ᠰᠤᠷᠭᠠᠭᠤᠯᠢ ᠶᠢᠨ ᠤᠷᠠᠨ ᠵᠢᠷᠤᠭ ᠤᠨ ᠳᠡᠭᠡᠳᠦ ᠰᠤᠷᠭᠠᠭᠤᠯᠢ ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠤᠷᠠᠯᠢᠭ ᠬᠢᠭᠡᠳ ᠵᠠᠭᠤᠴᠢᠯᠠᠭᠤᠷ ᠤᠨ ᠳᠡᠭᠡᠳᠦ | ᠰᠤᠷᠭᠠᠭᠤᠯᠢ ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠤᠷᠠᠨ ᠵᠢᠷᠤᠭ ᠤᠨ ᠳᠡᠭᠡᠳᠦ ᠰᠤᠷᠭᠠᠭᠤᠯᠢ ᠵᠡᠷᠭᠡ ᠨᠢᠭᠡ ᠪᠦᠯᠦᠭ ᠲᠤᠰᠬᠠᠢ | ᠮᠡᠷᠭᠡᠵᠢᠯ ᠤᠨ ᠪᠦᠯᠭᠦᠮ ᠲᠥᠰᠥᠯ ᠤᠨ ᠵᠢᠷᠤᠵᠤ ᠲᠥᠯᠥᠪᠯᠡᠬᠦ ᠳᠤ ᠣᠷᠣᠯᠴᠠᠵᠤ ᠂ ᠨᠡᠶᠢᠳᠠ 234 ᠤᠮᠠᠷᠠᠲᠤ ᠬᠢᠯᠢ ᠶᠢᠨ ᠰᠣᠶᠣᠯ ᠤᠨ ᠢᠯᠡᠷᠬᠡᠶᠢᠯᠡᠯ ᠲᠡᠮᠳᠡᠭ ᠢ | ᠵᠢᠷᠤᠵᠤ ᠲᠥᠯᠥᠪᠯᠡᠭᠰᠡᠨ ᠲᠥᠰᠥᠯ ᠢ ᠴᠤᠭᠯᠠᠭᠤᠯᠪᠠ ᠃ ᠲᠤᠰᠬᠠᠢ ᠮᠡᠷᠭᠡᠵᠢᠯᠲᠡᠨ ᠤ ᠣᠯᠠᠨ ᠤᠳᠠᠭᠠᠨ ᠤ ᠰᠢᠯᠭᠠᠷᠠᠭᠤᠯᠤᠯᠲᠠ ᠪᠠᠷ ᠳᠡᠮᠵᠢᠵᠤ ᠂ ᠴᠢᠩᠬᠤᠸᠠ ᠶᠡᠭᠡ | ᠰᠤᠷᠭᠠᠭᠤᠯᠢ ᠶᠢᠨ ᠤᠷᠠᠨ ᠵᠢᠷᠤᠭ ᠤᠨ ᠳᠡᠭᠡᠳᠦ ᠰᠤᠷᠭᠠᠭᠤᠯᠢ ᠶᠢᠨ ᠵᠢᠷᠤᠵᠤ ᠲᠥᠯᠥᠪᠯᠡᠭᠰᠡᠨ ᠤᠮᠠᠷᠠᠲᠤ ᠬᠢᠯᠢ ᠶᠢᠨ ᠰᠣᠶᠣᠯ ᠤᠨ ᠢᠯᠡᠷᠬᠡᠶᠢᠯᠡᠯ ᠲᠡᠮᠳᠡᠭ | ᠡᠴᠦᠰ ᠲᠡᠭᠡᠨ ᠰᠢᠯᠭᠠᠷᠠᠭᠤᠯᠤᠭᠳᠠᠪᠠ ᠃ | ᠤᠮᠠᠷᠠᠲᠤ ᠬᠢᠯᠢ ᠶᠢᠨ ᠰᠣᠶᠣᠯ ᠤᠨ ᠢᠯᠡᠷᠬᠡᠶᠢᠯᠡᠯ ᠲᠡᠮᠳᠡᠭ ᠨᠢ ᠪᠦᠬᠦᠯᠢ ᠴᠣᠭᠴᠠ ᠪᠠᠷ ᠢᠶᠠᠨ ᠤᠯᠠᠭᠠᠨ ᠲᠤᠭ ᠤᠨ ᠭᠡᠯᠪᠡᠷᠢ ᠲᠠᠢ ᠪᠠᠶᠢᠵᠤ ᠂ ᠤᠯᠠᠭᠠᠨ | ᠥᠩᠭᠡ ᠪᠠᠷ ᠭᠤᠣᠯᠯᠠᠵᠤ ᠂ ᠨᠠᠮ ᠤᠨ ᠤᠳᠤᠷᠢᠳᠤᠯᠭ᠎ᠠ ᠳᠣᠣᠷ᠎ᠠ ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠤᠪᠢᠰᠬᠠᠯ ᠤᠨ | ᠤᠳᠤᠮᠰᠢᠯ ᠢᠶᠠᠨ ᠤᠯᠠᠮᠵᠢᠯᠠᠨ ᠵᠠᠯᠭᠠᠮᠵᠢᠯᠠᠬᠤ ᠶᠢ ᠪᠡᠯᠭᠡᠳᠡᠭᠰᠡᠨ ᠪᠠᠶᠢᠨ᠎ᠠ ᠃ ᠵᠡᠭᠦᠨ ᠠᠴᠠ ᠪᠠᠷᠠᠭᠤᠨᠰᠢ ᠢᠯᠡᠷᠬᠡᠶᠢᠯᠡᠯ ᠲᠡᠮᠳᠡᠭ ᠤᠨ ᠡᠮᠦᠨ᠎ᠡ ᠦᠵᠦᠭᠦᠷ ᠨᠢ ᠮᠣᠷᠢᠨ ᠤ | ᠲᠣᠯᠣᠭᠠᠢ ᠂ ᠬᠤᠶᠢᠲᠤ ᠦᠵᠦᠭᠦᠷ ᠨᠢ ᠬᠡᠶᠢᠰᠴᠦ ᠪᠠᠶᠢᠭ᠎ᠠ ᠲᠠᠯ ᠪᠠᠶᠢᠵᠤ ᠂ ᠬᠠᠷᠠᠭᠠᠨ ᠰᠡᠷᠡᠯ ᠤᠨ ᠲᠠᠯ᠎ᠠ ᠪᠠᠷ ᠳᠠᠪᠬᠢᠨ ᠤᠷᠤᠭᠰᠢᠯᠠᠵᠤ ᠪᠠᠶᠢᠭ᠎ᠠ ᠮᠣᠩᠭᠤᠯ ᠮᠣᠷᠢᠨ ᠤ | ᠳᠦᠷᠰᠦ ᠪᠠᠶᠢᠳᠠᠯ ᠢᠯᠡᠷᠡᠵᠦ ᠂ ︽ ᠬᠦᠴᠢᠷ ᠪᠡᠷᠬᠡᠰᠢᠶᠡᠯ ᠢ ᠳᠠᠭᠠᠭᠠᠵᠤ ᠂ ᠴᠤᠴᠠᠰᠢ ᠦᠭᠡᠢ ᠤᠷᠤᠭᠰᠢᠯᠠᠵᠤ ᠂ ᠵᠣᠷᠢᠭᠰᠠᠨ ᠳᠠᠭᠠᠨ ᠵᠠᠪᠠᠯ ᠬᠦᠷᠬᠦ︾ ᠮᠣᠩᠭᠤᠯ | ᠮᠣᠷᠢᠨ ᠤ ᠵᠣᠷᠢᠭ ᠰᠠᠨᠠᠭ᠎ᠠ ᠶᠢ ᠪᠡᠯᠭᠡᠳᠡᠵᠡᠢ ᠃ ᠤᠯᠠᠭᠠᠨ ᠲᠤᠭ ᠢᠯᠡᠷᠬᠡᠶᠢᠯᠡᠯ ᠲᠡᠮᠳᠡᠭ ᠤᠨ ᠳᠣᠣᠷ᠎ᠠ ᠦᠵᠦᠭᠦᠷ ᠨᠢ ᠤᠷᠲᠤ ᠴᠠᠭᠠᠨ ᠬᠡᠷᠡᠮ ᠂ ᠬᠠᠲᠤᠨ ᠭᠤᠣᠯ ᠤᠨ | ︽ᠲᠣᠬᠤᠢ ᠶᠢᠨ ᠬᠡᠰᠡᠭ︾ ᠪᠠ ᠲᠠᠯ᠎ᠠ ᠨᠤᠲᠤᠭ ᠪᠣᠯᠣᠨ᠎ᠠ ᠃ ᠣᠷᠳᠣ ᠴᠠᠭᠠᠨ ᠬᠡᠷᠡᠮ ᠪᠣᠯᠣᠨ ᠬᠠᠲᠤᠨ ᠭᠤᠣᠯ ᠥᠪᠥᠷ ᠮᠣᠩᠭᠤᠯ ᠳᠤ ᠲᠠᠪᠤᠳᠠ ᠵᠣᠯᠭᠠᠵᠤ ᠂ | ᠳᠤᠮᠳᠠᠳᠤ ᠶᠢᠨ ᠪᠣᠯᠪᠠᠰᠤᠨ ᠤ ᠭᠡᠷᠡᠯ ᠰᠠᠴᠤᠷᠠᠩᠭᠤᠢ ᠠᠮᠵᠢᠯᠲᠠ ᠶᠢ ᠠᠴᠢᠶᠠᠯᠠᠵᠤ ᠂ ᠤᠮᠠᠷᠠᠲᠤ ᠬᠢᠯᠢ ᠶᠢᠨ ᠡᠬᠡ ᠭᠠᠵᠠᠷ ᠳᠡᠭᠡᠷᠡᠬᠢ ᠭᠦᠨ ᠵᠤᠵᠠᠭᠠᠨ ᠲᠡᠦᠬᠡ ᠰᠣᠶᠣᠯ | ᠪᠠ ᠡᠯᠪᠡᠭ ᠪᠠᠶᠠᠯᠢᠭ ᠰᠣᠶᠣᠯ ᠢᠷᠭᠡᠨᠰᠢᠯ ᠤᠨ ᠡᠬᠢ ᠪᠠᠶᠠᠯᠢᠭ ᠢ ᠢᠯᠡᠷᠡᠭᠦᠯᠪᠡ ᠃ ᠤᠯᠠᠭᠠᠨ ᠲᠤᠭ ᠤᠨ ᠵᠢᠭᠠᠭᠰᠠᠨ ᠴᠢᠭᠯᠡᠯ ᠪᠣᠯ ᠮᠣᠩᠭᠤᠯ ᠮᠣᠷᠢᠨ ᠤ ᠳᠡᠭᠦᠯᠢᠨ | ᠤᠷᠤᠭᠰᠢᠯᠠᠬᠤ ᠴᠢᠭᠯᠡᠯ ᠮᠥᠨ ᠂ ᠨᠠᠮ ᠤᠨ ᠤᠳᠤᠷᠢᠳᠤᠯᠭ᠎ᠠ ᠳᠣᠣᠷ᠎ᠠ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠰᠠᠬᠢᠨ ᠪᠡᠷᠡᠯᠡᠵᠦ | ᠬᠠᠷᠢᠯᠴᠠᠨ ᠬᠠᠪᠰᠤᠷᠤᠯᠴᠠᠵᠤ ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ | ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠶᠢ ᠪᠡᠯᠭᠡᠳᠡᠪᠡ ᠃ ᠢᠯᠡᠷᠬᠡᠶᠢᠯᠡᠯ ᠲᠡᠮᠳᠡᠭ ᠤᠨ ᠪᠠᠷᠠᠭᠤᠨ ᠳᠡᠭᠡᠷ᠎ᠡ ᠲᠠᠯ᠎ᠠ ᠳᠠᠬᠢ ︽ᠤᠮᠠᠷᠠᠲᠤ ᠬᠢᠯᠢ ᠶᠢᠨ ᠰᠣᠶᠣᠯ︾ | ᠤᠨ ᠲᠠᠮᠠᠭ᠎ᠠ ᠨᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠠᠭᠤᠯᠤᠭᠳᠠᠬᠤᠨ ᠪᠠ ᠭᠦᠭ ᠠᠶᠠᠰ ᠢ ᠬᠦᠴᠦᠯᠡᠨ ᠢᠯᠡᠷᠡᠭᠦᠯᠵᠡᠢ ᠃ | | | |