ᠭᠦᠢᠯᠡᠰᠦᠲᠡᠢ  ᠲᠤᠰᠬᠤᠨ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/5/10
      ᠣᠶᠢᠷ᠎ᠠ ᠶᠢᠨ ᠵᠢᠯ ᠠᠴᠠ ᠨᠠᠭᠠᠰᠢ᠂ ᠡᠵᠡᠨ ᠬᠤᠷᠤᠭ᠎ᠠ ᠬᠤᠰᠢᠭᠤᠨ ᠤ ᠵᠠᠰᠠᠭ ᠪᠠᠯᠭᠠᠰᠤᠨ ᠤ ᠭᠦᠢᠯᠡᠰᠦᠲᠡᠢ ᠲᠣᠰᠬᠤᠨ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠠᠵᠢᠯ ᠢ ᠭᠦᠨᠵᠡᠭᠡᠶᠢᠷᠡᠭᠦᠯᠦᠨ᠂ ᠨᠠᠮ ᠤᠨ ᠪᠠᠶᠢᠭᠤᠯᠤᠯᠲᠠ ᠶᠢᠨ ᠵᠢᠭᠰᠠᠭᠠᠯ ᠤᠨ ᠭᠠᠵᠠᠷ ᠢ ᠪᠠᠶᠢᠭᠤᠯᠵᠤ᠂ ᠣᠨᠴᠠᠯᠢᠭᠲᠤ ᠠᠵᠤ ᠦᠢᠯᠡᠰ ᠢ ᠬᠥᠭᠵᠢᠭᠦᠯᠦᠨ᠂ ᠨᠤᠲᠤᠭ ᠤᠨ ᠴᠢᠳᠠᠪᠤᠷᠢᠲᠠᠨ ᠢ ᠬᠥᠮᠥᠵᠢᠭᠦᠯᠵᠦ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠭᠰᠡᠨ ᠪᠠᠶᠢᠨ᠎ᠠ᠃      ᠦᠢᠯᠡᠴᠢᠯᠡᠭᠡᠨ ᠤ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠵᠤ ᠨᠠᠮ ᠤᠨ ᠪᠠᠶᠢᠭᠤᠯᠤᠯᠲᠠ ᠶᠢᠨ ᠰᠠᠭᠤᠷᠢ ᠶᠢ ᠪᠠᠲᠤᠳᠬᠠᠪᠠ᠃ ᠭᠦᠢᠯᠡᠰᠦᠲᠡᠢ ᠲᠣᠰᠬᠤᠨ ᠤ ᠨᠠᠮ ᠤᠨ ᠡᠭᠦᠷ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠬᠥᠳᠡᠯᠭᠡᠭᠦᠷ ᠪᠤᠯᠭᠠᠵᠤ᠂ ︽ᠭᠤᠷᠪᠠᠨ ᠬᠤᠷᠠᠯ ᠨᠢᠭᠡ ᠬᠢᠴᠢᠶᠡᠯ︾ ᠵᠡᠷᠭᠡ ᠳᠦᠷᠢᠮ ᠢ ᠴᠢᠩᠭ᠎ᠠ ᠨᠠᠶᠢᠳᠠᠪᠤᠷᠢᠵᠢᠭᠤᠯᠪᠠ᠃ ᠨᠠᠮ ᠤᠨ ᠪᠠᠶᠢᠭᠤᠯᠤᠯᠲᠠ ᠶᠢᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠨᠡᠩ ᠰᠠᠶᠢᠨ ᠠᠳᠬᠤᠵᠤ᠂ ᠥᠪᠡᠷᠲᠡᠭᠡᠨ ᠵᠠᠰᠠᠬᠤ ᠣᠷᠣᠨ ᠤ ︽ᠲᠠᠪᠤᠨ ᠭᠤᠷᠪᠠ︾᠎ ᠶᠢᠨ ᠱᠠᠭᠠᠷᠳᠠᠯᠭ᠎ᠠ ᠶᠣᠰᠣᠭᠠᠷ ᠨᠠᠮ ᠪᠠ ᠣᠯᠠᠨ ᠲᠦᠮᠡᠨ ᠤ ᠪᠠᠷᠢᠮᠵᠢᠶᠠᠵᠢᠭᠰᠠᠨ ᠦᠢᠯᠡᠴᠢᠯᠡᠭᠡᠨ ᠤ ᠲᠥᠪ ᠢ ᠪᠠᠶᠢᠭᠤᠯᠤᠨ᠂ ᠲᠡᠭᠦᠨ ᠢ ᠦᠨᠡᠨ ᠬᠦ ᠨᠠᠮ ᠪᠠ ᠠᠷᠠᠳ ᠤᠯᠡᠨ ᠤ ᠰᠡᠳᠬᠢᠯ ᠢ ᠨᠢᠭᠲᠠᠷᠠᠭᠤᠯᠤᠨ᠂ ᠨᠠᠮ ᠤᠨ ᠭᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠭᠤᠣᠯ ᠵᠢᠭᠰᠠᠭᠠᠯ ᠤᠨ ᠭᠠᠵᠠᠷ ᠪᠣᠯᠭᠠᠨ ᠪᠠᠶᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠷᠢᠶᠠᠯᠠᠬᠤ ᠬᠦᠴᠦᠨ᠂ ᠨᠢᠭᠲᠠᠷᠠᠭᠤᠯᠬᠤ ᠬᠦᠴᠦᠨ᠂ ᠳᠠᠶᠢᠴᠢᠨ ᠬᠦᠴᠦᠨ ᠪᠣᠯᠣᠨ ᠪᠦᠲᠦᠭᠡᠯᠴᠢ ᠬᠦᠴᠦᠨ ᠢ ᠲᠠᠰᠤᠷᠠᠯᠲᠠ ᠦᠭᠡᠢ ᠨᠡᠮᠡᠭᠳᠡᠭᠦᠯᠪᠡ᠃      ᠣᠨᠴᠠᠯᠢᠭᠲᠤ ᠠᠵᠤ ᠦᠢᠯᠡᠰ ᠢ ᠬᠥᠭᠵᠢᠭᠦᠯᠵᠦ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠪᠠ᠃ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠬᠤ ᠶᠢᠨ ᠭᠠᠷᠳᠠᠴᠠ ᠬᠦᠴᠦᠨ ᠪᠣᠯᠭᠠᠪᠠ᠃ 2018 ᠣᠨ ᠠᠴᠠ ᠡᠬᠢᠯᠡᠨ ᠬᠤᠨᠢᠨ ᠬᠡᠷᠬᠡᠨᠡᠭ ᠮᠥᠭᠦ ᠲᠠᠷᠢᠵᠤ᠂ ᠪᠦᠲᠦᠨ ᠡᠳᠦᠷ ᠢᠶᠠᠷ ᠨᠠᠷᠠᠨ ᠤ ᠭᠡᠷᠡᠯ ᠲᠤᠰᠳᠠᠭ 2 ᠲᠣᠮᠣ ᠬᠦᠯᠡᠮᠵᠢ ᠶᠢ ᠪᠠᠶᠢᠭᠤᠯᠪᠠ᠃ 2019 ᠣᠨ ᠳᠤ ᠪᠠᠰᠠ ︽ᠠᠵᠤ ᠦᠢᠯᠡᠰ ᠢᠶᠠᠷ ᠶᠠᠳᠠᠭᠤ ᠶᠢ ᠲᠡᠳᠬᠦᠬᠦ︾᠎ ᠪᠠᠷ ᠭᠠᠷᠳᠠᠴᠠ ᠪᠣᠯᠭᠠᠨ᠂ ᠰᠠᠭᠠᠯᠢ ᠶᠢᠨ ᠢᠮᠠᠭ᠎ᠠ ᠲᠡᠵᠢᠭᠡᠨ ᠦᠷᠡᠵᠢᠭᠦᠯᠬᠦ ᠲᠥᠷᠥᠯ ᠵᠦᠢᠯ ᠢ ᠶᠡᠬᠡᠪᠡᠷ ᠬᠥᠭᠵᠢᠭᠦᠯᠵᠦ ᠡᠬᠢᠯᠡᠪᠡ᠃ 2022 ᠣᠨ ᠠᠴᠠ ᠡᠬᠢᠯᠡᠵᠦ ᠲᠤᠰ ᠲᠤᠰᠬᠤᠨ ᠨᠢ ᠪᠠᠰᠠ ᠭᠠᠵᠠᠷ ᠰᠢᠷᠣᠢ ᠶᠢ ᠨᠡᠶᠢᠳᠬᠡᠬᠦ ᠲᠥᠷᠥᠯ ᠵᠦᠢᠯ ᠢ ᠡᠬᠢᠯᠡᠭᠦᠯᠦᠨ᠂ ᠣᠳᠣᠬᠠᠨ ᠳᠤ 600 ᠭᠠᠷᠤᠢ ᠮᠦ ᠭᠠᠵᠠᠷ ᠰᠢᠷᠣᠢ ᠶᠢ ᠨᠡᠶᠢᠳᠬᠡᠨ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠶᠡᠬᠡᠪᠡᠷ ᠨᠡᠮᠡᠭᠳᠡᠭᠦᠯᠵᠡᠢ᠃ 2023 ᠣᠨ ᠳᠤ ᠭᠦᠢᠯᠡᠰᠦᠲᠡᠢ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠨᠢ 38.2 ᠲᠦᠮᠡᠨ ᠲᠥᠭᠦᠷᠢᠭ ᠲᠤ ᠬᠦᠷᠴᠦ᠂ ᠲᠤᠰᠬᠤᠨ ᠤ ᠠᠷᠠᠳ ᠲᠤ ᠠᠵᠢᠯ ᠤᠨ ᠪᠠᠶᠢᠷᠢ ᠬᠠᠩᠭᠠᠨ᠂ ᠮᠠᠯᠴᠢᠨ ᠲᠠᠷᠢᠶᠠᠴᠢᠳ ᠤᠨ ᠣᠷᠣᠯᠭ᠎ᠠ ᠶᠢ 10 ᠲᠦᠮᠡ ᠭᠠᠷᠤᠢ ᠲᠥᠭᠦᠷᠢᠭ ᠨᠡᠮᠡᠭᠳᠡᠭᠦᠯᠪᠡ᠃      ᠵᠠᠰᠠᠯᠲᠠ ᠶᠢᠨ ᠲᠣᠭᠲᠠᠴᠠ ᠪᠠᠨ ᠲᠡᠭᠦᠯᠳᠡᠷᠵᠢᠭᠦᠯᠵᠦ᠂ ᠴᠡᠭᠴᠡᠯᠡᠨ ᠵᠠᠰᠠᠬᠤ ᠦᠷ᠎ᠡ ᠪᠦᠲᠦᠮᠵᠢ ᠪᠠᠨ ᠳᠡᠭᠡᠭᠰᠢᠯᠡᠭᠦᠯᠪᠡ᠃ ᠭᠦᠢᠯᠡᠰᠦᠲᠡᠢ ᠲᠣᠰᠬᠤᠨ ᠤ ᠨᠠᠮ ᠤᠨ ᠡᠭᠦᠷ ᠨᠠᠮ ᠤᠨ ᠪᠠᠶᠢᠭᠤᠯᠤᠯᠲᠠ ᠶᠢ ᠠᠳᠬᠤᠬᠤ ᠪᠠᠷ ᠳᠠᠮᠵᠢᠭᠤᠯᠤᠨ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠨᠠᠮ ᠤᠨ ᠪᠠᠶᠢᠭᠤᠯᠤᠯᠲᠠ ᠪᠠᠷ ᠲᠣᠣᠷᠵᠢᠭᠤᠯᠤᠬᠰᠠᠨ ᠬᠠᠮᠢᠶᠠᠷᠤᠯᠲᠠ ᠶᠢ ᠤᠳᠤᠷᠢᠳᠤᠭᠤᠯᠬᠤ ᠰᠢᠰᠲ᠋ᠧᠮ ᠢ ᠪᠠᠶᠢᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠦᠨᠳᠦᠰᠦᠨ ᠱᠠᠲᠤᠨ ᠳᠤ ᠰᠢᠢᠳᠪᠦᠷᠢᠯᠡᠨ᠂ ᠵᠥᠷᠢᠴᠡᠯ ᠵᠠᠭᠤᠷᠠᠯᠳᠤᠭᠠᠨ ᠢ ᠦᠨᠳᠦᠰᠦᠨ ᠱᠠᠲᠤᠨ ᠳᠤ ᠰᠢᠢᠳᠪᠦᠷᠢᠯᠡᠵᠦ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠨ ᠱᠠᠲᠤᠨ ᠳᠤ ᠰᠢᠢᠳᠪᠦᠷᠢᠯᠡᠪᠡ᠃ ᠡᠭᠦᠨ ᠤ ᠬᠠᠮᠲᠤ᠂ ᠲᠣᠰᠬᠤᠨ ᠤ ᠳᠦᠷᠢᠮ᠂ ᠠᠷᠠᠳ ᠤᠨ ᠭᠡᠷ᠎ᠡ ᠵᠡᠷᠭᠡ ᠣᠯᠠᠨ ᠲᠦᠮᠡᠨ ᠤ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢ ᠪᠦᠷᠢᠨᠰᠢᠭᠦᠯᠵᠦ᠂ ᠲᠣᠰᠬᠤᠨ ᠤ ᠠᠷᠠᠳ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠣᠯᠴᠠᠭᠤᠯᠪᠠ᠃ ᠲᠤᠰ ᠲᠤᠰᠬᠤᠨ ᠤ ᠨᠠᠮ ᠤᠨ ᠡᠭᠦᠷ ᠨᠢ ᠪᠠᠰᠠ ︽ᠢᠷᠠᠭᠤ ᠠᠯᠳᠠᠷ ᠤᠨ ᠬᠤᠪᠢ︾᠎ ᠶᠢᠨ ᠭᠡᠳᠦ ᠳᠡᠯᠭᠡᠭᠦᠷ ᠢ ᠨᠡᠭᠡᠭᠡᠵᠦ᠂ ᠪᠣᠯᠪᠠᠰᠤᠨ ᠦᠢᠯᠡ ᠠᠵᠢᠯᠯᠠᠭ᠎ᠠ ᠪᠠᠷ ᠳᠠᠮᠵᠢᠭᠤᠯᠤᠨ ᠬᠤᠷᠠᠮᠳᠤᠭᠤᠯᠤᠭᠰᠠᠨ ᠬᠤᠪᠢ ᠪᠠᠷ ᠡᠳᠦᠷ ᠲᠤᠲᠤᠮ ᠤᠨ ᠠᠮᠢᠳᠤᠷᠠᠯ ᠤᠨ ᠬᠡᠷᠡᠭᠰᠡᠯ ᠢᠶᠠᠨ ᠰᠣᠯᠢᠬᠤ ᠠᠷᠭ᠎ᠠ ᠮᠠᠶ᠋ᠢᠭ ᠢ ᠢᠳᠡᠪᠬᠢᠲᠡᠢ ᠬᠡᠷᠡᠭᠵᠢᠭᠦᠯᠪᠡ᠃      ᠨᠤᠲᠤᠭ ᠤᠨ ᠴᠢᠳᠠᠪᠤᠷᠢᠲᠠᠨ ᠢ ᠬᠥᠮᠥᠵᠢᠭᠦᠯᠵᠦ᠂ ᠪᠡᠯᠡᠳᠬᠡᠯ ᠬᠦᠴᠦᠨ ᠢ ᠪᠠᠲᠤᠳᠬᠠᠪᠠ᠃ ᠵᠣᠬᠢᠶᠠᠨ ᠪᠠᠶᠢᠭᠤᠯᠤᠯᠲᠠ ᠠᠴᠠ ᠭᠦᠨᠵᠡᠭᠡᠢ ᠠᠭᠤᠳᠠᠯᠯᠠᠵᠤ ᠢᠯᠡᠷᠡᠭᠦᠯᠬᠦ ᠪᠠ ᠬᠤᠪᠢ ᠬᠥᠮᠥᠨ ᠥᠪᠡᠷ ᠢ ᠪᠠᠨ ᠲᠠᠨᠢᠯᠴᠠᠭᠤᠯᠬᠤ ᠵᠡᠷᠭᠡ ᠠᠷᠭ᠎ᠠ ᠭᠡᠯᠪᠡᠷᠢ ᠪᠠᠷ ᠳᠠᠮᠵᠢᠭᠤᠯᠤᠨ ᠲᠣᠰᠬᠤᠨ ᠤ ᠱᠠᠲᠤᠨ ᠤ ᠪᠡᠯᠡᠳᠬᠡᠯ ᠬᠦᠴᠦᠨ ᠢ ᠪᠠᠲᠤᠳᠬᠠᠵᠤ᠂ ᠪᠠᠶᠠᠵᠢᠯ ᠤᠨ ᠴᠢᠳᠠᠪᠤᠷᠢᠲᠠᠨ᠂ ᠭᠠᠳᠠᠭᠰᠢ ᠭᠠᠷᠴᠤ ᠬᠦᠴᠦᠨ ᠤ ᠠᠵᠢᠯ ᠬᠢᠵᠦ ᠪᠠᠶᠢᠬᠤ ᠪᠠ ᠬᠤᠳᠠᠯᠳᠤᠭ᠎ᠠ ᠮᠠᠶᠢᠮᠠᠢ ᠬᠢᠭᠡᠳ ᠨᠤᠲᠤᠭ ᠲᠠᠭᠠᠨ ᠪᠤᠴᠠᠭᠰᠠᠨ ᠬᠥᠮᠥᠰ ᠢ ᠰᠢᠶᠠᠩ ᠪᠠᠯᠭᠠᠰᠤᠨ ᠤ ᠴᠢᠳᠠᠪᠤᠷᠢᠲᠠᠨ ᠤ ᠬᠥᠮᠥᠷᠭᠡ ᠳᠤ ᠣᠷᠣᠭᠤᠯᠪᠠ᠃ ᠣᠳᠣᠬᠠᠨ ᠪᠤᠯᠳᠠᠯ᠎ᠠ᠂ ᠲᠣᠰᠬᠤᠨ ᠤ ᠱᠠᠲᠤᠨ ᠤ 3 ᠪᠡᠯᠡᠳᠬᠡᠯ ᠴᠢᠳᠠᠪᠤᠷᠢᠲᠠᠨ᠂ ᠰᠢᠶᠠᠩ ᠪᠠᠯᠭᠠᠰᠤᠨ ᠤ ᠱᠠᠲᠤᠨ ᠤ 5 ᠴᠢᠳᠠᠪᠤᠷᠢᠲᠠᠨ ᠢ ᠬᠥᠮᠥᠷᠭᠡ ᠳᠤ ᠲᠡᠮᠳᠡᠭᠯᠡᠵᠦ ᠣᠷᠣᠭᠤᠯᠤᠭᠰᠠᠨ ᠪᠠᠶᠢᠨ᠎ᠠ᠃
1.png
2.png
3.jpg
  
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ