| 1 - 4 ᠳ᠋ᠤᠭᠡᠷ ᠰᠠᠷ᠎ᠠ ᠳᠤ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 87.4 % ᠪᠠᠷ | ᠨᠡᠮᠡᠭᠳᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 50.2 ᠵᠠᠭᠤᠨ ᠤ ᠴᠡᠭ ᠥᠨᠳᠥᠷ ᠪᠣᠯᠵᠣ᠂ ᠪᠥᠬᠦ ᠬᠤᠲᠠ ᠶᠢᠨ 49.2 ᠵᠠᠭᠤᠨ ᠤ ᠴᠡᠭ | ᠥᠨᠳᠥᠷ ᠪᠣᠯᠵᠣ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠬᠤᠶᠠᠳᠤᠭᠠᠷ ᠲᠤ ᠣᠷᠣᠪᠠ᠃ | ᠭᠤᠷᠪᠠᠨ ᠠᠵᠤ ᠦᠢᠯᠡᠰ ᠪᠦᠬᠦ ᠲᠠᠯ᠎ᠠ ᠪᠠᠷ ᠨᠡᠮᠡᠭᠳᠡᠪᠡ | 1- 4 ᠳ᠋ᠤᠭᠡᠷ ᠰᠠᠷ᠎ᠠ ᠳᠤ᠂ ᠪᠥᠬᠦ ᠬᠤᠰᠢᠭᠤᠨ ᠤ ᠨᠢᠭᠡᠳᠦᠭᠡᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 361.5 | % ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ 96.2 % ᠢᠶᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠪᠠᠯᠠ | ᠣᠷᠣᠭᠤᠯᠤᠯᠲᠠ 3.3 % ᠪᠠᠷ ᠨᠡᠮᠡᠭᠳᠡᠪᠡ᠃ | ᠭᠤᠷᠪᠠᠨ ᠶᠡᠭᠡ ᠬᠦᠷᠢᠶᠡᠨ ᠤ ᠬᠢᠨ ᠬᠤᠶᠠᠷ ᠲᠡᠭᠡᠭᠰᠢᠯᠡᠵᠦ ᠨᠢᠭᠡ ᠪᠠᠭᠤᠷᠠᠪᠠ | 1 - 4 ᠳ᠋ᠤᠭᠡᠷ ᠰᠠᠷ᠎ᠠ ᠳᠤ᠂ ᠪᠥᠬᠦ ᠬᠤᠰᠢᠭᠤᠨ ᠤ ᠦᠢᠯᠡᠳᠬᠦ ᠦᠢᠯᠡᠰ ᠤᠨ ᠪᠠᠯᠠ ᠣᠷᠣᠭᠤᠯᠤᠯᠲᠠ ᠶᠢᠨ ᠬᠤᠪᠢ ᠨᠡᠮᠡᠷᠢ ᠲᠣᠪᠤᠶᠢᠮ᠎ᠠ ᠪᠠᠶᠢᠵᠤ᠂ ᠠᠳᠠᠯᠢ | ᠬᠤᠭᠤᠴᠠᠭᠠᠨ ᠤ ᠬᠢ ᠠᠴᠠ 243.6 % ᠪᠠᠷ ᠨᠡᠮᠡᠭᠳᠡᠵᠦ᠂ ᠪᠠᠯᠠ ᠣᠷᠣᠭᠤᠯᠤᠯᠲᠠ ᠶᠢ ᠳᠠᠶᠢᠴᠢᠯᠠᠨ 99.9 ᠵᠠᠭᠤᠨ ᠤ ᠴᠡᠭ ᠨᠡᠮᠡᠭᠳᠡᠭᠦᠯᠪᠡ᠂ ᠡᠭᠦᠨ ᠳᠤ ᠲᠣᠨᠣᠭᠯᠠᠯ | ᠦᠢᠯᠡᠳᠬᠦ ᠦᠢᠯᠡᠰ ᠤᠨ ᠪᠠᠯᠠ ᠣᠷᠣᠭᠤᠯᠤᠯᠲᠠ 245.1 % ᠪᠠᠷ ᠨᠡᠮᠡᠭᠳᠡᠪᠡ︔ ᠰᠠᠭᠤᠷᠢ ᠲᠥᠬᠦᠭᠡᠷᠦᠮᠵᠢ ᠶᠢᠨ ᠪᠠᠯᠠ ᠣᠷᠣᠭᠤᠯᠤᠯᠲᠠ 27.3 % ᠪᠠᠷ | ᠨᠡᠮᠡᠭᠳᠡᠵᠦ᠂ ᠪᠠᠯᠠ ᠣᠷᠣᠭᠤᠯᠤᠯᠲᠠ ᠶᠢᠨ ᠨᠡᠮᠡᠭᠳᠡᠯ ᠢ 5.6 ᠵᠠᠭᠤᠨ ᠤ ᠴᠡᠭ ᠳᠠᠶᠢᠴᠢᠯᠠᠪᠠ︔ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠠᠯᠠ | ᠣᠷᠣᠭᠤᠯᠤᠯᠲᠠ 2.9 % ᠪᠠᠷ ᠪᠠᠭᠤᠷᠠᠪᠠ᠃ | ᠠᠷᠠᠳ ᠤᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠠᠨᠳᠤᠰᠢ ᠰᠠᠶᠢᠨ ᠪᠠᠶᠢᠨ᠎ᠠ | 1 - 4 ᠳ᠋ᠤᠭᠡᠷ ᠰᠠᠷ᠎ᠠ ᠳᠤ᠂ ᠪᠥᠬᠦ ᠬᠤᠰᠢᠭᠤᠨ ᠤ ᠠᠷᠠᠳ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 249.4 % ᠪᠠᠷ ᠨᠡᠮᠡᠭᠳᠡᠵᠦ᠂ | ᠪᠥᠬᠦ ᠪᠠᠯᠠ ᠣᠷᠣᠭᠤᠯᠤᠯᠲᠠ ᠶᠢᠨ 44.6 % ᠶᠢ ᠡᠵᠡᠯᠡᠵᠦ᠂ ᠪᠠᠯᠠ ᠣᠷᠣᠭᠤᠯᠤᠯᠲᠠ ᠶᠢ ᠳᠠᠶᠢᠴᠢᠯᠠᠨ 59.6 ᠵᠠᠭᠤᠨ ᠤ ᠴᠡᠭ ᠨᠡᠮᠡᠭᠳᠡᠭᠦᠯᠵᠦ᠂ ᠪᠠᠯᠠ | ᠣᠷᠣᠭᠤᠯᠤᠯᠲᠠ ᠳᠤ ᠦᠵᠡᠭᠦᠯᠬᠦ ᠬᠤᠪᠢ ᠨᠡᠮᠡᠷᠢ ᠨᠢ ᠲᠠᠰᠤᠷᠠᠯᠲᠠ ᠥᠬᠡᠶ ᠨᠡᠮᠡᠭᠳᠡᠪᠡ᠃ |