ᠡᠵᠡᠨ ᠬᠤᠷᠤᠭ᠎ᠠ ᠬᠤᠰᠢᠭᠤ ᠡᠭᠦᠳᠡᠨ ᠲᠡᠭᠡᠷᠡᠬᠢ ᠵᠣᠯ ᠵᠢᠷᠭᠠᠯᠲᠤ ︽ᠨᠠᠰᠤᠵᠢᠯ ᠤᠨ ᠠᠰᠠᠷᠠᠮᠵᠢ ᠶᠢᠨ ᠲᠣᠭᠤᠷᠢᠭ︾᠎ ᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/5/14
      ᠣᠶᠢᠷ᠎ᠠ ᠶᠢᠨ ᠵᠢᠯ ᠳᠤ᠂ ᠡᠵᠡᠨ ᠬᠤᠷᠤᠭ᠎ᠠ ᠬᠤᠰᠢᠭᠤ ᠬᠡᠷ ᠤᠨ ᠡᠭᠦᠳᠡᠨ ᠳᠠᠬᠢ ᠵᠣᠯ ᠵᠢᠷᠭᠠᠯᠲᠤ ︽ᠨᠠᠰᠤᠵᠢᠯ ᠤᠨ ᠠᠰᠠᠷᠠᠮᠵᠢ ᠶᠢᠨ ᠲᠣᠭᠤᠷᠢᠭ︾᠎ ᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠨᠠᠰᠤᠲᠠᠶᠢᠴᠤᠳ ᠤᠨ ᠬᠦᠷᠲᠡᠮᠵᠢ ᠶᠢᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠪᠠ  ᠵᠤᠯ ᠵᠢᠷᠭᠠᠯᠲᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃       ᠣᠶᠢᠯᠠᠭᠠᠭᠰᠠᠨ ᠢᠶᠠᠷ᠂ ᠰᠤᠪᠤᠷᠭ᠎ᠠ ᠪᠠᠯᠭᠠᠰᠤᠨ ᠤ ᠬᠤᠲᠣᠩ ᠤᠨ ᠰᠦᠮ᠎ᠡ ᠭᠠᠴᠠᠭ᠎ᠠ ᠶᠢᠨ ᠪᠦᠬᠦᠯᠢ 60 ᠨᠠᠰᠤᠨ ᠠᠴᠠ ᠳᠡᠭᠡᠭᠰᠢᠬᠢ ᠨᠠᠰᠤᠳᠠᠶᠢᠴᠤᠳ 892 ᠬᠥᠮᠦᠨ ᠪᠠᠶᠢᠵᠤ᠂ ᠡᠭᠦᠨ ᠳᠤ ᠥᠨᠥᠴᠢᠨ ᠪᠡᠯᠪᠡᠰᠦᠨ ᠨᠠᠰᠤᠲᠠᠨ 111 ᠬᠥᠮᠦᠨ ᠪᠣᠶ᠂ ᠪᠠᠯᠭᠠᠰᠤᠨ ᠤ ᠲᠣᠭᠤᠷᠢᠭ ᠤᠨ ᠨᠠᠰᠤᠲᠠᠶᠢᠴᠤᠳ ᠲᠤ ᠨᠠᠩ ᠰᠠᠶᠢᠲᠤᠷ  ᠤᠶᠢᠯᠡᠴᠢᠯᠡᠬᠦ ᠶᠢᠨ ᠲᠥᠯᠥᠭᠡ᠂ 2021 ᠣᠨ ᠳᠤ ᠡᠵᠡᠨ ᠬᠤᠷᠤᠭ᠎ᠠ ᠬᠤᠰᠢᠭᠤ ᠨᠠᠰᠤᠵᠢᠯ ᠤᠨ ᠠᠰᠠᠷᠠᠮᠵᠢ ᠶᠢᠨ  ᠤᠶᠢᠯᠡᠴᠢᠯᠡᠭᠡᠨ ᠤ ᠥᠷᠲᠡᠭᠡ ᠪᠠᠶᠢᠭᠤᠯᠵᠤ᠂ ᠬᠤᠲᠣᠩ ᠤᠨ ᠰᠦᠮ᠎ᠡ ᠭᠠᠴᠠᠭ᠎ᠠ᠂ ᠶᠠᠩ ᠵᠢᠶᠠ ᠬᠤᠤ ᠲᠣᠰᠬᠤᠨ᠂ ᠵᠠᠵᠠᠶ ᠶᠢᠨ ᠰᠦᠮ᠎ᠡ ᠲᠣᠰᠬᠤᠨ᠂  ᠠᠰᠠᠷ ᠤᠨ ᠰᠢᠯᠢ ᠲᠣᠰᠬᠤᠨ ᠵᠡᠷᠭᠡ 10 ᠭᠠᠴᠠᠭ᠎ᠠ ᠲᠣᠰᠬᠤᠨ ᠢ ᠬᠠᠮᠤᠷᠴᠠᠶ᠃ ᠡᠭᠦᠨ ᠤ ᠬᠠᠮᠲᠤ 10 ᠭᠠᠴᠠᠭ᠎ᠠ ᠲᠣᠰᠬᠤᠨ ᠳᠤ ᠭᠠᠭᠴᠠ ᠪᠡᠶ᠎ᠡ᠂ ᠥᠨᠳᠥᠷ ᠨᠠᠰᠤᠲᠠᠶ᠂ ᠭᠠᠭᠴᠠᠭᠠᠷ ᠰᠠᠭᠤᠭ᠎ᠠ᠂ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠲᠤ ᠨᠢᠭᠡ ᠬᠥᠮᠦᠨ ᠳᠤ ᠨᠢᠭᠡ ᠲᠠᠩᠰᠠ ᠪᠠᠶᠢᠭᠤᠯᠵᠤ᠂ ᠬᠡᠷ ᠲᠤᠨᠢ ᠬᠦᠷᠴᠦ ᠦᠢᠯᠡᠴᠢᠯᠡᠵᠦ᠂  ᠡᠳᠦᠷ ᠲᠤᠲᠤᠮ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠬᠦ᠂ ᠠᠯᠤᠰ ᠬᠡᠲᠦ ᠶᠢᠨ ᠤᠯᠠᠭᠠᠨ ᠤ ᠭᠠᠳᠠᠨᠠᠬᠢ ᠬᠥᠯ ᠵᠠᠰᠠᠯᠭ᠎ᠠ᠂ ᠴᠢᠰᠤᠨ ᠳᠠᠷᠤᠯᠲᠠ ᠶᠢᠨ ᠬᠢᠨᠠᠨ ᠬᠡᠮᠵᠢᠯᠲᠡ᠂ ᠬᠦᠵᠦᠭᠦᠨ ᠬᠡᠰᠡᠭ ᠤᠨ ᠢᠯᠢᠯᠭᠡ᠂ ᠴᠢᠰᠤᠨ ᠰᠢᠬᠢᠷ ᠤᠨ ᠪᠠᠶᠢᠴᠠᠭᠠᠨ ᠬᠡᠮᠵᠢᠯᠲᠡ᠂ ᠴᠢᠰᠤᠨ ᠤ ᠬᠦᠴᠢᠯᠲᠥ᠋ᠷᠥᠭᠴᠢ ᠶᠢᠨ ᠪᠠᠶᠢᠴᠠᠭᠠᠨ ᠬᠡᠮᠵᠢᠯᠲᠡ ᠵᠡᠷᠭᠡ ᠤᠶᠢᠯᠡᠴᠢᠯᠡᠭᠡ ᠶᠢ ᠬᠠᠩᠭᠠᠵᠤ᠂ ᠡᠬᠦᠨ ᠤ ᠬᠠᠮᠳᠤ ᠪᠠᠰᠠ ᠨᠠᠰᠤᠲᠠᠶᠢᠴᠤᠳ ᠲᠤ ᠰᠢᠯ ᠵᠦᠯᠭᠦᠬᠦ᠂  ᠭᠡᠷ ᠢ ᠨᠢ ᠴᠡᠪᠡᠷᠯᠡᠬᠦ᠂ ᠰᠡᠳᠬᠢᠯ ᠰᠠᠨᠠᠭ᠎ᠠ ᠶᠢ ᠨᠢ ᠲᠠᠶᠢᠳᠬᠤᠷᠠᠭᠤᠯᠬᠤ᠂ ᠲᠥᠷᠥᠭᠰᠡᠨ ᠡᠳᠦᠷ ᠤᠨ ᠵᠥᠩᠨᠡᠯ ᠳᠡᠪᠰᠢᠭᠦᠯᠬᠦ ᠵᠡᠷᠭᠡ ᠤᠶᠢᠯᠡᠴᠢᠯᠡᠭᠡᠨ ᠤ ᠲᠥᠷᠥᠯ ᠵᠤᠶᠢᠯ ᠢ ᠬᠠᠩᠭᠠᠭᠰᠠᠨ ᠪᠠᠶᠢᠨ᠎ᠠ᠃      ᠡᠵᠡᠨ ᠬᠤᠷᠤᠭ᠎ᠠ ᠬᠤᠰᠢᠭᠤ ᠨᠠᠰᠤᠲᠠᠶᠢᠴᠤᠳ ᠤᠨ ᠬᠠᠷᠢᠴᠠᠩᠭᠤᠶ ᠲᠦᠪᠯᠡᠷᠡᠨ ᠰᠠᠭᠤᠵᠤ ᠪᠠᠶᠢᠭ᠎ᠠ ᠲᠣᠭᠤᠷᠢᠭ ᠢᠶᠠᠷ ᠳᠠᠮᠵᠢᠭᠤᠯᠤᠨ᠂ ᠪᠠᠯᠭᠠᠰᠤ᠂ ᠭᠠᠴᠠᠭ᠎ᠠ ︵ᠲᠣᠰᠬᠤᠨ︶᠎ ᠶᠢᠨ ᠨᠠᠮ ᠪᠠ ᠣᠯᠠᠨ ᠲᠦᠮᠡᠨ ᠤ  ᠤᠶᠢᠯᠡᠴᠢᠯᠡᠭᠡᠨ ᠤ ᠲᠥᠪ ᠤᠨ ᠰᠠᠭᠤᠷᠢᠨ ᠭᠠᠵᠠᠷ ᠢ ᠠᠰᠢᠭᠯᠠᠨ ᠨᠠᠰᠤᠵᠢᠯ ᠤᠨ ᠤᠶᠢᠯᠡᠴᠢᠯᠡᠭᠡᠨ ᠤ ᠥᠷᠲᠡᠭᠡ ᠶᠢ ᠪᠥᠲᠥᠭᠡᠨ ᠪᠠᠶᠢᠭᠤᠯᠵᠤ᠂ ᠨᠢᠭᠡ ᠲᠠᠯ᠎ᠠ ᠪᠠᠷ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ᠂  ᠪᠠᠯᠭᠠᠰᠤᠨ ᠤ ᠨᠡᠶᠢᠭᠡᠮ ᠤᠨ ᠠᠵᠢᠯ ᠤᠨ ᠥᠷᠲᠡᠭᠡ ᠪᠣᠯᠤᠨ ᠰᠠᠶᠢᠨ ᠳᠤᠷᠠᠴᠤᠳ ᠲᠤ ᠲᠦᠰᠢᠭᠯᠡᠨ ᠡᠷᠬᠢᠨ ᠦᠵᠡᠵᠤ ᠬᠠᠶᠢᠷ᠎ᠠ ᠬᠠᠯᠠᠮᠵᠢ ᠬᠦᠷᠭᠡᠬᠦ ᠪᠠ ᠬᠥᠷᠰᠢ ᠵᠡᠷᠭᠡᠯᠡᠳᠡᠭᠡ ᠪᠠᠷ ᠢᠶᠠᠨ ᠬᠠᠷᠢᠯᠴᠠᠨ ᠬᠠᠪᠰᠤᠷᠤᠯᠴᠠᠬᠤ  ᠤᠶᠢᠯᠡᠴᠢᠯᠡᠭᠡ ᠦᠷᠨᠢᠬᠦᠯᠵᠦ᠂ ᠨᠥᠭᠦᠭᠡ ᠲᠠᠯ᠎ᠠ ᠪᠠᠷ ᠵᠠᠰᠠᠭ ᠤᠨ ᠣᠷᠳᠣᠨ  ᠤᠶᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠤᠶᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠵᠦ᠂ ︽ᠵᠢᠷᠭᠤᠭ᠎ᠠ ᠶᠢ ᠲᠤᠰᠠᠯᠠᠵᠤ ᠨᠢᠭᠡ ᠶᠢ ᠠᠰᠠᠷᠠᠬᠤ︾ ᠪᠠ ᠬᠡᠷ ᠲᠤᠨᠢ ᠬᠦᠷᠴᠦ ᠬᠠᠷᠠᠭᠠᠯᠵᠠᠨ ᠠᠰᠠᠷᠠᠬᠤ ᠵᠡᠷᠭᠡ ᠨᠠᠰᠤᠵᠢᠯ ᠤᠨ ᠲᠤᠰᠬᠠᠶ ᠤᠶᠢᠯᠡᠴᠢᠯᠡᠭᠡ ᠬᠠᠩᠭᠠᠵᠤ᠂ ᠮᠠᠯᠵᠢᠬᠤ ᠲᠠᠷᠢᠶᠠᠯᠠᠬᠤ ᠣᠷᠣᠨ ᠤ ᠨᠠᠰᠤᠲᠠᠶᠢᠴᠤᠳ ᠲᠤ ᠬᠤᠲᠠ ᠪᠠᠯᠭᠠᠰᠤ ᠶᠢᠨ ᠨᠠᠰᠤᠲᠠᠶᠢᠴᠤᠳ ᠲᠠᠢ ᠠᠳᠠᠯᠢᠬᠠᠨ ᠬᠡᠷ ᠲᠡᠭᠡᠨ ᠰᠠᠭᠤᠵᠤ ᠪᠠᠶᠢᠭᠠᠳ ᠤᠶᠢᠯᠡᠴᠢᠯᠡᠭᠡ ᠬᠦᠷᠲᠡᠭᠡᠵᠦ᠂ ᠨᠠᠰᠤᠲᠠᠶᠢᠴᠤᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ  ᠨᠡᠮᠡᠭᠳᠡᠬᠦᠯᠪᠡ᠃       ᠣᠳᠣᠬᠠᠨ ᠳᠤ᠂ ᠡᠵᠡᠨ ᠬᠤᠷᠤᠭ᠎ᠠ ᠬᠤᠰᠢᠭᠤᠨ ᠤ 60 ᠨᠠᠰᠤ ᠵᠢᠴᠢ ᠲᠡᠭᠦᠨ ᠠᠴᠠ ᠳᠡᠭᠡᠭᠰᠢᠬᠢ ᠨᠠᠰᠤᠳᠠᠶᠢᠴᠤᠳ 37469 ᠪᠠᠶᠢᠵᠤ᠂ ᠪᠥᠬᠦ ᠬᠥᠮᠦᠨ ᠠᠮᠠ ᠶᠢᠨ 15 . 11 %᠎ ᠶᠢ ᠡᠵᠡᠯᠡᠵᠦ ᠪᠠᠶᠢᠨ᠎ᠠ᠃ 65 ᠨᠠᠰᠤ ᠵᠢᠴᠢ ᠲᠡᠭᠦᠨ ᠠᠴᠠ ᠳᠡᠭᠡᠭᠰᠢᠬᠢ ᠨᠠᠰᠤᠳᠠᠶᠢᠴᠤᠳ 24113 ᠪᠠᠶᠢᠵᠤ᠂ 9 . 72 %᠎ ᠢ  ᠡᠵᠡᠯᠡᠵᠦ ᠪᠤᠢ᠃ ᠣᠶᠢᠷ᠎ᠠ ᠶᠢᠨ ᠵᠢᠯ ᠠᠴᠠ ᠨᠠᠭᠠᠰᠢ᠂ ᠡᠵᠡᠨ ᠬᠤᠷᠤᠭ᠎ᠠ ᠬᠤᠰᠢᠭᠤᠨ ᠤ ᠡᠷᠡᠭᠦᠯ ᠮᠡᠨᠳᠦ ᠨᠠᠰᠤᠵᠢᠯ ᠤᠨ ᠠᠰᠠᠷᠠᠮᠵᠢ ᠨᠢ ᠣᠷᠣᠬᠤ ᠶᠢ ᠵᠥᠪᠰᠢᠶᠡᠷᠡᠬᠦ᠂ ᠡᠳ᠋ ᠤᠨ ᠵᠠᠰᠠᠭ ᠠᠴᠠ ᠲᠡᠳᠬᠦᠨ ᠳᠡᠮᠵᠢᠬᠦ᠂ ᠭᠠᠵᠠᠷ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ᠂ ᠡᠬᠢ ᠪᠠᠶᠠᠯᠢᠭ ᠢ ᠠᠮᠢᠳᠤᠯᠢᠭ ᠪᠣᠯᠭᠠᠬᠤ᠂ ᠲᠠᠪᠴᠠᠩ ᠤᠨ ᠪᠠᠶᠢᠭᠤᠯᠤᠯᠲᠠ ᠪᠠ ᠡᠩᠨᠡᠭᠡ ᠶᠢ ᠴᠣᠭᠴᠠᠯᠠᠬᠤ ᠵᠡᠷᠭᠡ ᠣᠯᠠᠨ ᠲᠠᠯ᠎ᠠ ᠪᠠᠷ ᠠᠵᠢᠯ ᠤᠨ ᠰᠡᠳᠬᠢᠮᠵᠢ ᠪᠠᠨ ᠲᠠᠰᠤᠷᠠᠯᠲᠠ ᠥᠬᠡᠶ ᠰᠢᠨᠡᠴᠢᠯᠡᠵᠦ᠂ ︽ᠬᠡᠷ ᠲᠡᠭᠡᠨ ᠰᠠᠭᠤᠬᠤ᠂ ᠨᠡᠶᠢᠭᠡᠮ ᠲᠣᠭᠤᠷᠢᠭ ᠲᠤ ᠰᠠᠭᠤᠬᠤ᠂ ᠪᠠᠶᠢᠭᠤᠯᠤᠮᠵᠢ ᠶᠢ ᠬᠠᠷᠢᠯᠴᠠᠨ ᠵᠣᠬᠢᠴᠠᠭᠤᠯᠬᠤ᠂ ᠡᠮᠴᠢᠯᠡᠭᠡ ᠰᠤᠪᠢᠯᠠᠯᠲᠠ ᠡᠷᠡᠭᠦᠯᠵᠢᠯ ᠰᠤᠪᠢᠯᠠᠯᠲᠠ ᠶᠢ ᠬᠠᠷᠢᠯᠴᠠᠨ ᠤᠶᠠᠯᠳᠤᠭᠤᠯᠬᠤ︾ ᠣᠯᠠᠨ ᠡᠰᠢᠵᠢᠭ᠍ᠰᠡᠨ᠂ ᠵᠢᠷᠤᠮᠵᠢᠭᠰᠠᠨ ᠨᠠᠰᠤᠵᠢᠯ ᠤᠨ ᠠᠰᠠᠷᠠᠮᠵᠢ ᠶᠢᠨ ᠤᠶᠢᠯᠡᠴᠢᠯᠡᠭᠡᠨ ᠤ ᠰᠢᠰᠲ᠋ᠧᠮ ᠢ ᠠᠯᠬᠤᠮ ᠠᠯᠬᠤᠮ ᠢᠶᠠᠷ ᠪᠦᠷᠢᠯᠳᠦᠭᠦᠯᠪᠡ᠃  
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ