ᠵᠠᠰᠠᠭ ᠪᠠᠯᠭᠠᠨᠰᠤᠨ ᠤ ᠰᠠᠶᠢᠬᠤᠰᠤ ᠲᠣᠰᠬᠤᠨ ᠠᠰᠢᠭ ᠤᠷᠤᠯᠭ᠎ᠠ ᠪᠠᠨ  ᠬᠤᠪᠢᠶᠠᠷᠢᠯᠠᠵᠤ ᠪᠠᠶᠢᠨ᠎ᠠ
ᠨᠡᠶᠢᠲᠡᠯᠡᠭᠰᠡᠨ ᠴᠠᠭ᠄
2024/5/15
      ᠦᠨᠦ ᠵᠢᠯ ᠵᠠᠰᠠᠭ ᠪᠠᠯᠭᠠᠰᠤᠨ ᠤ ᠰᠠᠶᠢᠬᠤᠰᠤ ᠲᠣᠰᠬᠤᠨ ᠤ ᠵᠥᠪᠯᠡᠯ ᠨᠢ ᠲᠣᠰᠬᠤᠨ ᠤ ᠠᠷᠠᠳ ᠲᠠᠭᠠᠨ ᠭᠠᠵᠠᠷ ᠰᠢᠷᠤᠢ ᠶᠢ ᠨᠢᠭᠡᠳᠦᠬᠦᠯᠦᠨ ᠲᠠᠭᠠᠭᠠᠴᠢᠯᠠᠬᠰᠠᠨ ᠮᠦᠩᠬᠦ ᠶᠢ ᠬᠤᠪᠢᠶᠠᠪᠠ᠃      ᠰᠠᠶᠢᠬᠤᠰᠤ ᠲᠣᠰᠬᠤᠨ ᠤ ᠲᠠᠷᠢᠶᠠᠨ ᠭᠠᠵᠠᠷ ᠤᠨ ᠲᠠᠯᠠᠪᠠᠶ ᠨᠢ 3726 . 88 ᠮᠥ᠂ 321 ᠡᠷᠦᠬᠡ ᠶᠢᠨ821 ᠬᠥᠮᠦᠨ ᠲᠠᠢ᠃ ᠤᠶᠢᠷ᠎ᠠ ᠶᠢᠨ ᠵᠢᠯ ᠭᠠᠳᠠᠬᠰᠢ ᠭᠠᠷᠴᠤ ᠠᠵᠢᠯ ᠬᠢᠳᠡᠭ ᠨᠢ ᠤᠯᠠᠰᠢᠷᠠᠵᠦ᠂ ᠲᠣᠰᠬᠤᠨ ᠳᠠᠭᠠᠨ ᠰᠠᠭᠤᠭ᠎ᠠ ᠬᠥᠮᠦᠰ ᠤᠨ ᠣᠯᠠᠩᠬᠢ ᠨᠢ ᠨᠠᠰᠤᠲᠠᠶᠢᠴᠤᠳ ᠪᠠᠶᠢᠵᠤ᠂ ᠲᠣᠰᠬᠤᠨ ᠤ ᠠᠷᠠᠳ ᠤᠨ ᠵᠥᠪᠯᠡᠯ ᠤᠨ ᠤᠳᠤᠷᠢᠳᠬᠤ ᠪᠠᠭ ᠤᠨ ᠬᠢᠨ ᠪᠠᠶᠢᠴᠠᠭᠠᠨ ᠰᠤᠳᠤᠯᠤᠯᠲᠠ ᠪᠠᠷ ᠳᠠᠮᠵᠢᠨ᠂ ᠲᠣᠰᠬᠤᠨ ᠤ ᠠᠷᠠᠳ ᠢ ᠬᠠᠪᠰᠤᠷᠤᠨ ︽ᠭᠠᠵᠠᠷ ᠰᠢᠷᠣᠶ ᠶᠢᠨ ᠳᠠᠩᠰᠠ︾᠎ ᠶᠢ ᠲᠤᠳᠤᠷᠬᠠᠢ ᠪᠤᠳᠤᠨ ᠦᠭᠴᠦ᠂ ᠭᠠᠵᠠᠷ ᠰᠢᠷᠣᠶ ᠶᠢ ᠥᠭᠡᠷᠡᠴᠢᠯᠡᠨ᠂ ᠠᠳᠠᠷᠰᠢᠬᠰᠠᠨ ᠭᠠᠵᠠᠷ ᠢ ᠠᠰᠢᠬᠯᠠᠵᠦ᠂ ᠭᠠᠵᠠᠷ ᠰᠢᠷᠣᠶ ᠶᠢᠨ ᠥᠷᠲᠡᠭ ᠢ ᠬᠠᠮᠤᠭ ᠤᠨ ᠶᠡᠭᠡ ᠎ ᠪᠠᠷ ᠨᠡᠮᠡᠭᠳᠡᠬᠦᠯᠪᠡ᠃      ᠣᠳᠣᠬᠠᠨ ᠳᠤ ᠰᠠᠶᠢᠬᠤᠰᠤ ᠲᠣᠰᠬᠤᠨ ᠤ ᠭᠤᠷᠪᠠᠳᠤᠭᠠᠷ ᠬᠤᠷᠰᠢᠶᠠᠨ ᠳᠤ ᠬᠡᠰᠡᠭᠯᠡᠨ ᠬᠤᠪᠢᠶᠠᠬᠰᠠᠨ 3 ᠬᠡᠰᠡᠭ ᠲᠠᠷᠢᠶᠠᠨ ᠭᠠᠵᠠᠷ 600 ᠮᠥ ᠣᠷᠴᠢᠮ ᠪᠠᠶᠢᠵᠦ᠂ 445 ᠮᠥ ᠲᠠᠷᠢᠶ᠎ᠠ᠂ 35 ᠮᠥ ᠵᠢᠮᠢᠰ ᠤᠨ ᠤᠢ ᠪᠠᠶᠢᠵᠦ᠂ 120 ᠮᠥ ᠶᠢ ᠠᠳᠠᠷᠰᠢᠭᠤᠯᠪᠠ᠃ ᠣᠳᠣᠬᠠᠨ ᠤ ᠵᠠᠬ᠎ᠠ ᠳᠡᠯᠭᠡᠭᠦᠷ ᠤᠨ ᠭᠠᠵᠠᠷ ᠰᠢᠷᠤᠢ ᠶᠢᠨ ᠲᠠᠭᠠᠭᠠᠴᠢᠯᠠᠯᠳᠠ ᠶᠢᠨ ᠦᠨ᠎ᠡ ᠪᠠᠷ ᠪᠤᠳᠤᠪᠠᠯ᠂ ᠨᠢᠭᠡ ᠮᠦ ᠭᠠᠵᠠᠷ ᠰᠢᠷᠤᠢ ᠶᠢ 650 ᠲᠥᠭᠦᠷᠢᠭ ᠢᠶᠠᠷ  ᠲᠠᠭᠠᠭᠠᠴᠢᠯᠠᠪᠠᠯ ᠂ ᠰᠢᠭᠤᠳ ᠤᠷᠤᠯᠭ᠎ᠠ ᠨᠢ 390000 ᠲᠥᠭᠦᠷᠢᠭ ᠪᠠᠶᠢᠵᠦ᠂ ᠡᠷᠦᠬᠡ ᠪᠦᠷᠢ ᠳᠤ 3000 ᠲᠥᠭᠦᠷᠢᠭ ᠣᠷᠴᠢᠮ ᠤᠨ ᠠᠰᠢᠭ ᠣᠷᠣᠯᠭ᠎ᠠ ᠬᠤᠪᠢᠶᠠᠵᠤ ᠪᠣᠯᠤᠨ᠎ᠠ᠃      ᠰᠠᠶᠢᠬᠤᠰᠤ ᠲᠣᠰᠬᠤᠨ ᠤ ᠨᠠᠮ ᠤᠨ ᠡᠭᠦᠷ ᠤᠨ ᠱᠦᠵᠢ ᠵᠢᠶᠤᠤ ᠬᠠᠢ ᠵᠢᠶᠦ᠋ᠨ ᠰᠤᠷᠪᠤᠯᠵᠢᠯᠠᠬᠴᠢ ᠳᠤ᠄ ︽ᠲᠠᠷᠢᠶᠠᠴᠢᠨ ᠡᠷᠦᠬᠡ ᠶᠢᠨ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠡᠷᠬᠡ ᠠᠰᠢᠭ ᠢ ᠬᠠᠮᠠᠭᠠᠯᠠᠭᠰᠠᠨ ᠰᠠᠭᠤᠷᠢᠨ ᠳᠡᠭᠡᠷ᠎ᠡ᠂ ᠪᠢᠳᠡ ᠲᠣᠰᠬᠤᠨ ᠳᠠᠭᠠᠨ ᠳᠣᠭᠢᠷᠠᠬᠤ ᠭᠠᠵᠠᠷ ᠰᠢᠷᠤᠢ ᠶᠢ ᠨᠢᠭᠡᠳᠦᠬᠦᠯᠬᠦ ᠵᠠᠭᠪᠤᠷ ᠢ ᠬᠠᠶᠢᠨ ᠰᠦᠪᠡᠭᠴᠢᠯᠡᠵᠦ᠂ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠬᠦᠯᠦᠨ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠪᠤᠵᠠᠭᠠᠶᠢᠷᠠᠯ ᠪᠠ ᠬᠦᠭᠵᠢᠯᠳᠡ ᠶᠢ  ᠲᠠᠶᠢᠴᠢᠯᠠᠵᠦ ᠪᠠᠶᠢᠨ᠎ᠠ 》ᠭᠡᠵᠦ  ᠪᠠᠶᠢᠯ᠎ᠠ᠃  
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ