ᠨᠠᠮ ᠤᠨ ᠵᠤᠬᠢᠶᠠᠨ ᠪᠠᠶᠢᠭᠤᠯᠤᠯᠳᠡ ᠪᠠᠷ ᠬᠦᠳᠡᠭᠡ ᠲᠤᠰᠬᠤᠨ ᠢ ᠬᠦᠭᠵᠢᠭᠦᠯᠤᠨ ᠮᠠᠨᠳᠤᠭᠤᠯᠬᠤ ᠶᠢ ᠳᠠᠶᠢᠴᠢᠯᠡᠨ᠎ᠡ
ᠨᠡᠶᠢᠲᠡᠯᠡᠭᠰᠡᠨ ᠴᠠᠭ᠄
2024/5/15
      ᠣᠶᠢᠷ᠎ᠠ ᠶᠢᠨ ᠵᠢᠯ ᠠᠴᠠ ᠨᠠᠭᠠᠰᠢ᠂ ᠵᠠᠰᠠᠭ ᠪᠠᠯᠭᠠᠰᠤᠨ ᠤ ᠴᠠᠭᠠᠨᠨᠠᠭᠤᠷ ᠭᠠᠴᠠᠭᠠᠨ ᠤ ᠨᠠᠮ ᠤᠨ ᠡᠭᠦᠷ ᠨᠢ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠬᠤᠷᠢᠳᠤᠭᠠᠷ ᠶᠡᠭᠡ ᠬᠤᠷᠠᠯ ᠳᠠᠬᠢ ᠨᠠᠮ ᠤᠨ ᠪᠠᠶᠢᠭᠤᠯᠤᠯᠲᠠ ᠶᠢᠨ ᠰᠢᠨ᠎ᠡ ᠱᠠᠭᠠᠷᠳᠠᠯᠭ᠎ᠠ ᠶᠢ ᠭᠦᠨᠵᠡᠭᠡᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠪᠢ ᠣᠯᠠᠨ ᠲᠦᠮᠡᠨ ᠳᠤ ᠪᠤᠳᠠᠳᠤ ᠶᠠᠪᠤᠳᠠᠯ ᠬᠢᠬᠦ︾ ᠵᠡᠷᠭᠡ ᠦᠢᠯᠡᠳᠦᠯᠭᠡ ᠶᠢᠨ ᠠᠵᠢᠯᠯᠠᠭ᠎ᠠ ᠪᠠᠷ ᠠᠵᠨ ᠲᠣᠬᠢᠶᠠᠯ ᠪᠣᠯᠭᠠᠨ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠪᠠ ᠠᠵᠤ ᠦᠢᠯᠡᠰ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠨᠡᠨᠬᠦ ᠬᠤᠪᠢ ᠨᠡᠮᠡᠷᠢ ᠪᠠᠨ ᠦᠵᠡᠬᠦᠯᠵᠤ ᠪᠠᠶᠢᠨ᠎ᠠ᠃      ᠣᠨᠣᠯ ᠤᠨ ᠳᠦᠪᠰᠢᠨ ᠢᠶᠠᠨ ᠳᠡᠭᠡᠭᠰᠢᠯᠡᠬᠦᠯᠵᠤ ᠦᠵᠡᠯ ᠰᠠᠨᠠᠭ᠎ᠠ ᠲᠠᠨᠢᠯᠲᠠ ᠪᠠᠨ ᠨᠢᠭᠡᠳᠭᠡᠪᠡ᠃      ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠵᠡᠯ ᠰᠠᠨᠠᠭᠠᠨ ᠤ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ ᠶᠢ ᠨᠠᠮ ᠤᠨ ᠡᠭᠦᠷ ᠤᠨ ᠡᠳᠦᠷ ᠳᠣᠳᠣᠮ ᠤᠨ ᠰᠤᠷᠤᠯᠴᠠᠯᠭ᠎ᠠ ᠳᠤ ᠣᠷᠣᠭᠤᠯᠵᠤ᠂ ᠲᠥᠪᠯᠡᠷᠡᠭᠦᠯᠦᠨ ᠰᠤᠷᠤᠯᠴᠠᠭᠤᠯᠬᠤ ᠪᠡ ᠦᠪᠡᠷ ᠢᠶᠠᠨ ᠰᠤᠷᠬᠤ ᠶᠢ ᠤᠶᠠᠯᠳᠤᠭᠤᠯᠪᠠ᠃ ᠪᠤᠳᠠᠳᠠᠢ ᠪᠠᠷ ᠭᠤᠤᠯ ᠰᠡᠳᠤᠪᠳᠤ ᠬᠦᠮᠤᠵᠢᠯ ᠢ 7 ᠤᠳᠠᠭ᠎ᠠ ᠦᠷᠨᠢᠭᠦᠯᠤᠨ᠂ ᠬᠡᠰᠢᠬᠦᠳ ᠬᠤᠪᠢ ᠪᠠᠷ ᠢᠶᠠᠨ 30 ᠤᠳᠠᠭ᠎ᠠ ᠰᠤᠷᠤᠯᠴᠠᠪᠡ︔ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ ᠵᠡᠷᠭᠡ ᠰᠦᠯᠵᠢᠶᠡᠨ ᠳᠡᠭᠡᠷᠡᠬᠢ ᠡᠬᠢ ᠪᠠᠶᠠᠯᠢᠭ ᠢ ᠠᠰᠢᠭᠯᠠᠨ ᠨᠠᠮ ᠤᠨ ᠭᠡᠰᠢᠭᠦᠨ ᠺᠠᠳ᠋ᠷᠴᠤᠳ ᠤᠨ ᠤᠯᠤᠰ ᠲᠥᠷᠥ ᠶᠢᠨ ᠬᠡᠪ ᠴᠢᠨᠡᠷ ᠢ ᠦᠷᠭᠦᠯᠵᠢᠯᠡᠨ ᠳᠡᠭᠡᠭᠰᠢᠯᠡᠭᠦᠯᠵᠦ᠂ ᠨᠠᠮ ᠤᠨ ᠭᠡᠰᠢᠭᠦᠨ ᠺᠠᠳ᠋ᠷ ᠢ ᠬᠥᠲᠥᠯᠦᠨ ᠵᠢᠯᠣᠭᠤᠳᠴᠤ ︽ᠳᠥᠷᠪᠡᠨ ᠤᠬᠠᠮᠰᠠᠷ︾᠎ ᠢ ᠪᠠᠳᠤ ᠪᠤᠢ ᠪᠤᠯᠭᠠᠵᠤ᠂ ︽ᠳᠥᠷᠪᠡᠨ ᠢᠲᠡᠭᠡᠯ︾᠎ ᠢ ᠪᠠᠳᠤᠳᠬᠠᠪᠠ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ ᠭᠤᠣᠯ ᠰᠢᠵᠢᠮ ᠢ ᠪᠠᠷᠢᠵᠤ᠂ ᠲᠤᠰᠬᠠᠢ ᠰᠡᠳᠦᠪᠲᠦ ᠰᠤᠷᠤᠯᠴᠠᠯᠭ᠎ᠠ ᠶᠢ ᠦᠷᠨᠢᠭᠦᠯᠵᠤ᠂ ᠨᠠᠮ ᠤᠨ ᠡᠭᠦᠷ ᠤᠨ ᠱᠦᠵᠢ ᠠᠴᠠ ᠲᠦᠷᠦᠭᠦᠯᠡᠨ ᠤᠬᠠᠭᠤᠯᠤᠨ ᠲᠠᠶᠢᠯᠪᠤᠷᠢᠯᠠᠯᠳᠡ ᠬᠢᠪᠡ᠃      ᠵᠣᠬᠢᠶᠠᠨ ᠪᠠᠶᠢᠭᠤᠯᠤᠯᠲᠠ ᠶᠢᠨ ᠪᠠᠬᠢᠯᠡᠯᠲᠡ ᠶᠢ ᠪᠠᠬᠢᠵᠢᠬᠦᠯᠵᠤ ᠤᠯᠡᠨ ᠲᠦᠮᠡᠨ ᠤ ᠲᠦᠯᠦᠭᠡ ᠦᠢᠯᠠᠴᠢᠯᠡᠬᠦ ᠶᠢ ᠴᠢᠬᠤᠯᠠᠴᠢᠯᠠᠪᠠ᠃      ᠤᠯᠡᠨ ᠲᠦᠮᠡᠨ ᠳᠤ ᠦᠢᠯᠡᠴᠢᠯᠡᠬᠦ ᠶᠢ ᠨᠢᠭᠡᠨ ᠴᠢᠬᠤᠯᠨ ᠠᠵᠢᠯ ᠪᠤᠯᠭᠠᠵᠤ᠂ ᠨᠢᠳᠤᠨᠤᠨ ᠲᠤᠰᠬᠤᠨ ᠤ ᠠᠷᠠᠳ ᠤᠯᠡᠨ ᠢ ᠬᠠᠪᠰᠤᠷᠴᠤ 5.3 ᠲᠦᠮᠡᠨ ᠲᠥᠭᠦᠷᠢᠭ ᠤᠨ ᠦᠷᠳᠡᠭ ᠪᠦᠬᠦᠢ ᠲᠠᠷᠢᠶᠠᠯᠠᠩ ᠤᠨ ᠪᠦᠳᠦᠭᠡᠭᠳᠡᠭᠦᠨ ᠢ ᠨᠢ ᠪᠤᠷᠤᠯᠠᠭᠤᠯᠵᠤ ᠦᠭᠴᠡᠢ᠃ ᠶᠠᠳᠠᠭᠤ ᠠᠴᠠ ᠠᠩᠭᠢᠵᠢᠷᠠᠭᠰᠠᠨ ᠡᠷᠦᠬᠡ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭᠠᠳᠤ ᠡᠷᠤᠭᠡ ᠳᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠤᠯᠭᠤᠵᠤ᠂ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢ ᠣᠷᠣᠯᠠᠨ ᠭᠦᠢᠴᠡᠳᠬᠡᠵᠦ᠂ ᠶᠠᠳᠠᠭᠤ ᠠᠴᠠ ᠠᠩᠭᠢᠵᠢᠷᠠᠭᠰᠠᠨ ᠭᠤᠤᠨᠢ ᠨᠠᠰᠤᠳᠡᠳ ᠲᠤ ᠭᠡᠷ ᠬᠥᠷᠥᠩᠭᠡ ᠶᠢᠨ ᠦᠨᠡᠮᠯᠡᠯ᠂ ᠴᠠᠬᠢᠯᠭᠠᠨ ᠬᠠᠩᠭᠠᠬᠤ ᠭᠠᠷ ᠭᠦᠢᠴᠡᠳᠬᠡᠯ ᠵᠡᠷᠭᠡ ᠶᠢ ᠨᠢ ᠣᠷᠣᠯᠠᠨ ᠭᠦᠢᠴᠡᠳᠬᠡᠵᠦ᠂ ᠪᠠᠰᠨ ᠭᠠᠴᠠᠭᠠᠨ ᠤ ᠬᠡᠤᠭᠡᠳ ᠤᠨ ᠰᠤᠷᠭᠠᠭᠤᠯᠢ ᠳᠤ ᠣᠷᠣᠬᠤ ᠳᠤ ᠬᠦᠴᠢᠷᠲᠡᠢ ᠪᠠᠶᠢᠬᠤ ᠵᠡᠷᠭᠡ ᠠᠰᠠᠭᠤᠳᠠᠯ ᠎ ᠢ ᠨᠢ ᠬᠠᠪᠰᠤᠷᠤᠨ ᠰᠶᠢᠳᠪᠦᠷᠢᠯᠡᠵᠦ ᠦᠭᠪᠡ︔ ᠣᠯᠠᠨ ᠲᠦᠮᠡᠨ ᠤ ᠪᠠᠴᠢᠮᠳᠠᠵᠤ ᠬᠦᠴᠢᠷᠳᠡᠵᠤ ᠰᠠᠨᠠᠭᠠᠰᠢᠷᠡᠵᠤ ᠬᠦᠰᠡᠵᠤ ᠪᠠᠶᠢᠭ᠎ᠠ ᠠᠰᠠᠭᠤᠳᠠᠯ ᠢ ᠨᠠᠷᠢᠯᠢᠭ ᠳᠡᠮᠳᠡᠭᠯᠡᠨ᠂ ᠣᠯᠠᠨ ᠲᠦᠮᠡᠨ ᠤ ᠨᠡᠶᠢᠭᠡᠮ ᠤᠨ ᠪᠠᠲᠤᠯᠠᠭ᠎ᠠ ᠳᠤ ᠬᠤᠯᠪᠤᠬᠳᠠᠬᠰᠠᠨ 10 ᠠᠰᠠᠭᠤᠳᠠᠯ᠂ ᠡᠮ ᠡᠮᠨᠡᠯᠭᠡ ᠡᠷᠡᠭᠦᠯ ᠬᠠᠮᠠᠭᠠᠯᠠᠯ ᠳᠤ ᠬᠤᠯᠪᠤᠬᠳᠠᠬᠰᠠᠨ 12 ᠠᠰᠠᠭᠤᠳᠠᠯ᠂ ᠠᠵᠢᠯ ᠤᠯᠭᠤᠵᠤ ᠦᠢᠯᠡᠰ ᠪᠣᠰᠬᠠᠬᠤ ᠳᠤ ᠬᠤᠯᠪᠤᠬᠳᠠᠬᠰᠠᠨ 3 ᠠᠰᠠᠭᠤᠳᠠᠯ᠂ ᠪᠤᠰᠤᠳ 10 ᠠᠰᠠᠭᠤᠳᠠᠯ ᠢ ᠳᠤᠰ ᠳᠤᠰ ᠰᠶᠢᠳᠪᠦᠷᠢᠯᠡᠪᠡ᠃      ᠦᠨᠳᠦᠰᠦᠨ ᠱᠠᠲᠤᠨ ᠤ ᠵᠠᠰᠠᠯᠲᠠ ᠳᠤ ᠠᠩᠬᠠᠷᠤᠯ ᠢᠶᠠᠨ ᠳᠦᠪᠯᠡᠷᠡᠬᠦᠯᠵᠤ ᠨᠤᠲᠤᠭ ᠤᠨ ᠰᠤᠷᠳᠠᠯ ᠤᠨ ᠪᠤᠯᠪᠠᠰᠤᠨ ᠢ ᠠᠬᠢᠭᠤᠯᠪᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ᠂ ᠣᠷᠴᠢᠨ ᠲᠣᠭᠤᠷᠢᠨ ᠢ ᠵᠠᠰᠠᠨ ᠴᠡᠭᠴᠡᠯᠡᠬᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠵᠡᠷᠭᠡ ᠭᠤᠣᠯ ᠰᠡᠳᠦᠪ ᠤᠨ ᠲᠣᠭᠤᠷᠢᠨ ᠳᠤ 20 ᠭᠠᠷᠤᠢ ᠤᠳᠠᠭᠠᠨ ᠤ ᠳᠠᠶᠢᠯᠦᠮᠵᠢ ᠬᠢᠪᠡ︔ ᠲᠣᠰᠬᠤᠨ ᠤ ᠶᠡᠷᠦᠩᠬᠡᠶᠢᠯᠡᠭᠰᠡᠨ ᠰᠣᠶᠣᠯ ᠤᠨ ᠠᠵᠢᠯᠯᠠᠭᠠᠨ ᠤ ᠭᠡᠷ ᠢ ᠠᠰᠢᠬᠯᠡᠨ ︽ᠪᠢᠳᠡᠨ ᠤ ᠪᠠᠶᠠᠷ ᠤᠨ ᠡᠳᠦᠷ︾᠎ ᠤᠨ ᠭᠤᠣᠯ ᠰᠡᠳᠦᠪᠲᠦ ᠣᠯᠠᠨ ᠲᠦᠮᠡᠨᠴᠢ ᠴᠢᠨᠠᠷᠲᠠᠢ ᠰᠣᠶᠣᠯ ᠤᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ 2023 ᠣᠨ ᠳᠤ ᠡᠯ᠎ᠡ ᠲᠥᠷᠥᠯ ᠤᠨ ᠰᠣᠶᠣᠯ ᠤᠨ ᠠᠵᠢᠯᠯᠠᠭ᠎ᠠ ᠶᠢ 6 ᠤᠳᠠᠭ᠎ᠠ ᠦᠷᠨᠢᠭᠦᠯᠪᠡ︔ ︽ᠭᠡᠷ ᠤᠨ ᠰᠤᠷᠭᠠᠯ ᠢ ᠤᠯᠠᠮᠵᠢᠯᠠᠨ ᠵᠠᠯᠭᠠᠮᠵᠢᠯᠠᠬᠤ᠂ ᠭᠡᠷ ᠤᠨ ᠶᠣᠰᠣ ᠲᠦᠷᠢᠮ ᠢ ᠲᠤᠬᠳᠠᠭᠠᠬᠤ᠂ ᠭᠡᠷ ᠤᠨ ᠰᠤᠷᠲᠠᠯ ᠢ ᠪᠠᠳᠠᠷᠠᠭᠤᠯᠬᠤ︾ ᠠᠵᠢᠯᠯᠠᠭ᠎ᠠ ᠶᠢ ᠭᠦᠨᠵᠡᠭᠡᠢ ᠦᠷᠨᠢᠭᠦᠯᠪᠡ᠃ ︽ᠨᠢᠭᠡ ᠪᠤᠯᠵᠤᠭ᠎ᠠ ᠲᠦᠷᠪᠡᠨ ᠬᠤᠷᠠᠯ︾᠎ ᠤᠨ ᠵᠣᠬᠢᠶᠠᠨ ᠪᠠᠶᠢᠭᠤᠯᠤᠯᠲᠠ ᠶᠢ ᠠᠳᠬᠤᠵᠤ᠂ ᠨᠤᠲᠤᠭ ᠤᠨ ᠰᠤᠷᠳᠠᠯ ᠤᠨ ᠪᠤᠯᠪᠠᠰᠤᠨ ᠤ ᠠᠵᠢᠯᠯᠠᠭ᠎ᠠ ᠶᠢ ᠦᠷᠭᠦᠯᠵᠢᠯᠡᠨ ᠦᠷᠨᠢᠭᠦᠯᠪᠡ᠃ 2023 ᠣᠨ ᠳᠤ ︽ᠴᠡᠪᠡᠷ ᠲᠤᠬᠢᠯᠢᠭ ᠭᠡᠷ ᠤᠷᠤᠨ︾᠎ ᠲᠠᠢ 1 ᠡᠷᠦᠬᠡ ᠂ ︽ᠬᠠᠮᠤᠭ ᠤᠨ ᠰᠠᠶᠢᠬᠠᠨ ᠭᠡᠷ ᠪᠦᠯᠢ︾ 1 ᠡᠷᠦᠬᠡ ᠶᠢ ᠰᠢᠯᠭᠠᠷᠠᠭᠤᠯᠪᠠ᠃      ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠵᠤ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠪᠡ᠃      ᠨᠠᠮ ᠤᠨ ᠪᠠᠶᠢᠭᠤᠯᠤᠯᠲᠠ ᠪᠠᠷ ᠬᠥᠲᠥᠯᠦᠨ ᠳᠠᠭᠠᠭᠤᠯᠬᠤ ᠶᠢ ᠪᠠᠷᠢᠮᠲᠠᠯᠠᠨ᠂ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠲᠤᠮᠳᠠᠬᠢ ᠨᠠᠮ ᠤᠨ ᠡᠭᠦᠷ ᠤᠨ ᠳᠠᠶᠢᠴᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠣᠯᠠᠨ ᠠᠷᠭ᠎ᠠ ᠬᠡᠮᠵᠢᠶ᠎ᠡ ᠪᠠᠷ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠪᠡ᠃ ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠲᠠᠢ ᠤᠶᠠᠯᠳᠤᠭᠤᠯᠤᠨ᠂ ᠪᠠᠶᠠᠵᠢᠯ ᠤᠨ ᠳᠠᠭᠠᠭᠤᠯᠤᠭᠴᠢ ᠵᠡᠷᠭᠡ ᠬᠦᠮᠤᠰ ᠢ ᠵᠣᠬᠢᠶᠠᠨ ᠪᠠᠶᠢᠭᠤᠯᠤᠨ ᠰᠠᠨᠠᠯ ᠵᠥᠪᠯᠡᠯᠭᠡ ᠬᠤᠷᠢᠶᠡᠨ ᠬᠦᠭᠵᠢᠯᠳᠡ ᠶᠢᠨ ᠬᠦᠴᠤᠨ ᠢ ᠨᠢᠬᠳᠠᠷᠠᠭᠤᠯᠪᠠ᠃ ︽ᠨᠠᠮ ᠎ ᠤᠨ ᠡᠭᠦᠷ + ᠺᠣᠮᠫᠠᠨᠢ + ᠲᠠᠷᠢᠶᠠᠴᠢᠨ ᠡᠷᠦᠬᠡ︾᠎ ᠶᠢᠨ ᠵᠠᠭᠪᠤᠷ ᠢᠶᠠᠷ ᠨᠠᠰᠢᠳᠠᠢ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠡᠭᠦᠳᠦᠨ ᠪᠠᠶᠢᠭᠤᠯᠪᠡ︔ ᠭᠠᠴᠠᠭᠠᠨ ᠤ ᠪᠣᠳᠠᠲᠠᠢ ᠪᠠᠶᠢᠳᠠᠯ ᠳᠤ ᠰᠠᠭᠤᠷᠢᠯᠠᠨ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠪᠠᠷ ᠬᠠᠮᠢᠶ᠎ᠠ ᠪᠦᠭᠦᠢ ᠲᠥᠷᠥᠯ ᠵᠦᠢᠯ ᠤᠨ ᠠᠵᠢᠯ ᠢ ᠲᠠᠭᠠᠭᠠᠴᠢᠯᠡᠨ ᠬᠢᠵᠤ᠂ ᠭᠠᠴᠠᠭᠠᠨ ᠤ ᠬᠠᠮᠳᠤ ᠶᠢᠨ ᠠᠵᠤ ᠠᠬᠤᠢ ᠶᠢᠨ ᠴᠡᠪᠡᠷ ᠣᠷᠣᠯᠭ᠎ᠠ 300 ᠲᠦᠮᠡᠨ ᠲᠥᠭᠦᠷᠢᠭ ᠲᠤ ᠬᠦᠷᠪᠡ︔ ᠠᠵᠤ ᠦᠢᠯᠡᠰ ᠤᠨ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠬᠥᠭᠵᠢᠯᠲᠡ ᠶᠢᠨ ᠰᠢᠨ᠎ᠡ ᠵᠠᠭᠪᠤᠷ ᠢ ᠰᠦᠪᠡᠭᠴᠢᠯᠡᠨ᠂ ᠨᠠᠮ ᠤᠨ ᠪᠠᠶᠢᠭᠤᠯᠤᠯᠲᠠ ᠪᠠᠷ ᠳᠠᠶᠢᠴᠢᠯᠠᠭᠤᠯᠬᠤ ᠪᠠᠷ ᠲᠠᠮᠵᠢᠵᠤ᠂ ᠬᠤᠶᠠᠳᠤᠭᠠᠷ ᠠᠵᠤ ᠦᠢᠯᠡᠰ ᠢᠶᠠᠷ ᠨᠢᠭᠡᠳᠦᠭᠡᠷ ᠠᠵᠤ ᠦᠢᠯᠡᠰ ᠢ ᠳᠠᠶᠢᠴᠢᠯᠠᠭᠤᠯᠤᠨ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠪᠡ᠃ 
1.jpg
2.png
3.png
4.png
5.png
6.png
 
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ