ᠬᠤᠰᠢᠭᠤᠨ ᠤ ᠨᠠᠮ ᠤᠨ ᠬᠤᠷᠢᠶ᠎ᠠ ᠠᠷᠪᠠᠨ ᠵᠢᠷᠭᠤᠳᠤᠭᠠᠷ ᠬᠤᠭᠤᠴᠠᠭᠠᠨ ᠤ 104  ᠳ᠋ᠤᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/17
      5 ᠰᠠᠷ᠎ᠠ ᠶᠢᠨ 13᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠡᠤ ᠶᠦᠨ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ 104 ᠳ᠋ᠤᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃       ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠳᠤ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ᠂ ᠴᠦᠩᠴᠢᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠪᠣᠯᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠡᠷᠡᠰ ᠭᠤᠶᠢᠪᠢᠰᠢ ᠥᠬᠡᠶ ᠰᠠᠶᠢᠲᠤᠷ ᠠᠳᠬᠤᠵᠤ᠂ ᠨᠠᠮ ᠤᠨ ᠲᠥᠪ ᠬᠤᠷᠢᠶᠠᠨ ᠤ ᠡᠯ᠎ᠡ  ᠵᠦᠢᠯ ᠤᠨ ᠰᠢᠢᠳᠪᠦᠷᠢᠳᠤ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃  ᠬᠤᠷᠠᠯ ᠠᠴᠠ ᠰᠦᠨ ᠱᠤᠤ ᠴᠧᠩ ᠱᠦᠵᠢ ᠶᠢᠨ  ︽ᠬᠠᠲᠤᠨ ᠭᠤᠤᠯ ᠤᠨ  ᠲᠤᠬᠤᠢ ᠶᠢᠨ  ᠪᠣᠭᠤᠮᠲᠠ ᠰᠢᠪᠲᠤᠯᠬᠤ ᠳᠠᠶᠢᠯᠠᠯᠳᠤᠭᠠᠨ︾  ᠪᠣᠯᠤᠨ ᠴᠢᠨᠠᠷ ᠰᠠᠶᠢᠲᠠᠶ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠶᠠᠷᠢᠶ᠎ᠠ᠂ ᠬᠠᠲᠤᠨ ᠭᠤᠤᠯ ᠳᠠᠭᠠᠤ ᠶᠢᠨ ᠬᠡᠰᠡᠭ ᠠᠶᠢᠮᠠᠭ ᠬᠤᠲᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠪᠣᠯᠤᠨ ᠦᠨᠳᠦᠰᠦᠨ ᠱᠠᠲᠤᠨ ᠤ ᠨᠠᠮ ᠤᠨ ᠰᠤᠷᠭᠠᠭᠤᠯᠢ ᠶᠢᠨ ᠬᠥᠮᠦᠵᠢᠯ ᠪᠣᠯᠪᠠᠰᠤᠷᠠᠯ ᠤᠨ ᠠᠵᠢᠯ ᠤᠨ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠡᠷᠡᠰ ᠬᠦᠴᠦᠲᠡᠶ ᠰᠠᠶᠢᠲᠤᠷ ᠠᠳᠬᠤᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠠᠬᠢᠭᠤᠯᠵᠤ᠂ ᠡᠬᠢ ᠪᠠᠶᠠᠯᠢᠭ ᠤᠨ ᠬᠡᠯᠪᠡᠷᠢ ᠶᠢᠨ ᠭᠠᠵᠠᠷ ᠣᠷᠣᠨ ᠤ ᠪᠣᠬᠢᠷᠲᠤᠯ ᠥᠬᠡᠶ᠂ ᠳᠤᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠵᠤ᠂ ᠬᠤᠰᠢᠭᠤ ᠰᠢᠶᠠᠨ ᠤ ᠱᠠᠲᠤᠨ ᠤ ᠲᠡᠷᠢᠭᠦᠨ ᠤ ᠨᠠᠮ ᠤᠨ ᠰᠤᠷᠭᠠᠭᠤᠯᠢ ᠶᠢ ᠲᠦᠷᠭᠡᠳᠬᠡᠨ ᠪᠠᠶᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃       ᠬᠤᠷᠠᠯ ᠠᠴᠠ 14 ᠰᠠᠷ᠎ᠠ ᠶᠢᠨ ᠪᠦᠬᠦ ᠬᠤᠰᠢᠭᠤᠨ ᠤ ᠠᠵᠤ ᠠᠬᠤᠢ ᠶᠢᠨ ᠡᠷᠭᠢᠯᠲᠡ ᠶᠢᠨ ᠪᠠᠶᠢᠳᠠᠯ ᠢ ᠵᠠᠳᠠᠯᠤᠨ ᠰᠤᠳᠤᠯᠵᠤ᠂ ᠭᠤᠣᠯᠳᠠᠯᠭ᠎ᠠ ᠲᠠᠢ ᠭᠦᠢᠴᠡᠳᠬᠡᠬᠦ ᠲᠤᠭ᠎ᠠ ᠶᠢ ᠲᠣᠬᠢᠷᠠᠭᠤᠯᠬᠤ᠂ ᠳᠦᠷᠢᠮᠵᠢᠭᠦᠯᠦᠨ ᠨᠢᠭᠡᠳᠬᠡᠬᠦ᠂ ᠬᠡᠷᠡᠭᠯᠡᠭᠡ ᠶᠢ ᠠᠬᠢᠭᠤᠯᠬᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠰᠠᠶᠢᠲᠤᠷ ᠠᠳᠬᠤᠵᠤ᠂ ᠰᠠᠷ᠎ᠠ ᠪᠠᠷ ᠤᠯᠠᠷᠢᠯ ᠢ ᠪᠠᠲᠤᠯᠠᠨ ᠤᠯᠠᠷᠢᠯ ᠢᠶᠠᠷ ᠣᠨ ᠢ ᠪᠠᠲᠤᠯᠠᠵᠤ᠂ ᠲᠣᠭᠲᠠᠭᠰᠠᠨ ᠬᠠᠷᠠᠯᠲᠠ ᠡᠭᠦᠷᠭᠡ ᠪᠠᠨ ᠪᠦᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ ᠬᠡᠯᠪᠡᠷᠢᠴᠢ ᠦᠵᠡᠯ ᠢᠶᠠᠷ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠴᠡᠭᠴᠡᠯᠡᠨ ᠵᠠᠰᠠᠭᠰᠠᠨ ᠬᠤᠯᠪᠣᠭᠳᠠᠯ ᠪᠥᠬᠦᠶ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠢᠴᠢᠭ ᠮᠠᠲ᠋ᠧᠷᠢᠶᠠᠯ ᠢ ᠴᠣᠮᠬᠠᠳᠬᠠᠵᠤ ᠬᠤᠷᠠᠯ ᠢ ᠴᠥᠭᠡᠳᠬᠡᠬᠦ᠂ ᠱᠠᠯᠠᠪᠳᠠᠭᠤᠯᠤᠨ ᠪᠠᠶᠢᠴᠠᠭᠠᠬᠤ ᠠᠵᠢᠯ ᠢ ᠰᠢᠯᠢᠳᠡᠭᠵᠢᠭᠦᠯᠬᠦ᠂ ︽ᠬᠤᠷᠤᠭᠤᠨ ᠦᠵᠦᠭᠦᠷ ᠳᠡᠭᠡᠷᠡᠬᠢ ᠬᠡᠯᠪᠡᠷᠢᠴᠢ ᠦᠵᠡᠯ︾᠎ ᠢ ᠵᠠᠯᠠᠷᠠᠭᠤᠯᠤᠨ ᠵᠠᠰᠠᠬᠤ᠂ ᠺᠠᠳ᠋ᠷ ᠢ ᠵᠢᠭᠡᠯᠡᠨ ᠬᠡᠷᠡᠭᠯᠡᠬᠦ ᠶᠢ ᠵᠢᠷᠤᠮᠵᠢᠭᠤᠯᠬᠤ᠂ ᠬᠢᠨᠠᠨ ᠰᠢᠯᠭᠠᠬᠤ ᠠᠷᠭ᠎ᠠ ᠶᠢ ᠲᠡᠭᠦᠯᠳᠡᠷᠵᠢᠭᠦᠯᠬᠦ᠂ ᠦᠨᠳᠦᠰᠦᠨ ᠱᠠᠲᠤᠨ ᠤ ᠠᠵᠢᠯ ᠤᠨ ᠶᠠᠪᠤᠳᠠᠯ ᠢ ᠵᠢᠷᠤᠮᠵᠢᠭᠤᠯᠬᠤ᠂ ᠮᠡᠳᠡᠭᠦᠯᠬᠦ ᠬᠦᠰᠦᠨᠦᠭᠲᠦ ᠲᠠᠩᠰᠠ ᠶᠢ ᠴᠣᠮᠬᠠᠳᠬᠠᠬᠤ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠪᠣᠳᠠᠲᠠᠶ ᠬᠥᠩᠭᠡᠷᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠬᠤᠷᠠᠯ ᠠᠴᠠ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠭᠰᠡᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯ᠎ᠡ ᠨᠢᠭᠡᠴᠢ ᠶᠢᠨ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠬᠦᠴᠢᠷ ᠠᠰᠠᠭᠤᠳᠠᠯ ᠲᠦᠭᠵᠢᠷᠡᠯ ᠲᠠᠢ ᠠᠰᠠᠭᠤᠳᠠᠯ ᠢ ᠲᠦᠷᠭᠡᠨ ᠰᠢᠢᠳᠪᠦᠷᠢᠯᠡᠵᠦ᠂ ᠪᠦᠬᠦ ᠤᠯᠤᠰ ᠤᠨ ᠲᠡᠷᠢᠭᠦᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠦᠬᠦ ᠬᠦᠴᠦ ᠪᠠᠷ ᠢᠶᠠᠨ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠪᠠ ᠮᠠᠯᠴᠢᠨ ᠲᠠᠷᠢᠶᠠᠴᠢᠨ ᠤ ᠣᠷᠣᠯᠭ᠎ᠠ ᠶᠢ ᠳᠠᠬᠢᠨ ᠢᠶᠠᠷ ᠨᠡᠮᠡᠭᠳᠡᠭᠦᠯᠬᠦ᠂ ᠥᠪᠡᠷᠲᠡᠭᠡᠨ ᠵᠠᠰᠠᠬᠤ ᠣᠷᠣᠨ ᠤ ︽ᠮᠢᠩᠭ᠎ᠠ ᠲᠦᠮᠡ ᠶᠢᠨ ᠢᠨᠵᠧᠨᠧᠷᠢᠩ︾᠎ ᠢ ᠡᠭᠦᠳᠦᠨ ᠪᠠᠶᠢᠭᠤᠯᠬᠤ ᠲᠤᠷᠰᠢᠯᠲᠠ ᠶᠢᠨ ᠬᠤᠰᠢᠭᠤ᠂ ᠨᠠᠮ ᠤᠨ ᠪᠠᠶᠢᠭᠤᠯᠤᠯᠲᠠ᠂ ᠴᠢᠳᠠᠪᠤᠷᠢᠲᠠᠨ ᠤ ᠠᠵᠢᠯ ᠵᠡᠷᠭᠡ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ