ᠴᠢᠶᠣᠤ ᠰᠢᠶᠣᠤ ᠵᠢᠶᠦ᠋ᠨ ᠡᠶ᠎ᠡ ᠵᠤᠬᠢᠴᠠᠩᠭᠤᠢ ᠦᠵᠡᠰᠬᠦᠯᠡᠩᠳᠤ ᠰᠠᠶᠢᠬᠠᠨ ᠬᠦᠳᠡᠭᠡ ᠲᠣᠰᠬᠤᠨ ᠤ ᠪᠦᠲᠦᠭᠡᠨ ᠪᠠᠢᠭᠤᠯᠤᠯᠲᠠ ᠶᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/5/17
      5 ᠳ᠋ᠤᠭᠠᠷ ᠰᠠᠷ᠎ᠠ ᠶᠢᠨ 14᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠴᠢᠶᠣᠤ ᠰᠢᠶᠣᠤ ᠵᠢᠶᠦ᠋ᠨ ᠡᠶ᠎ᠡ ᠵᠤᠬᠢᠴᠠᠩᠭᠤᠢ ᠦᠵᠡᠰᠬᠦᠯᠡᠩᠳᠤ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠪᠠᠶᠢᠴᠠᠭᠠᠨ ᠰᠤᠳᠤᠯᠤᠯᠲᠠ ᠬᠢᠵᠦ᠂ ︽ᠮᠢᠩᠭ᠎ᠠ ᠲᠦᠮᠡ ᠶᠢᠨ ᠢᠨᠵᠧᠨᠧᠷᠢᠩ︾᠎ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠬᠦ ᠪᠠᠷ ᠤᠳᠤᠷᠢᠳᠤᠮᠵᠢ ᠪᠣᠯᠭᠠᠵᠤ᠂ ︽ᠲᠠᠪᠤᠨ ᠰᠠᠶᠢᠨᠲᠠᠶ ᠬᠤᠶᠠᠷ ᠲᠣᠬᠢᠷᠠᠮᠵᠢᠲᠠᠶ︾ ᠪᠠ ᠦᠵᠡᠰᠬᠦᠯᠡᠩᠲᠦ  ᠰᠠᠶᠢᠬᠠᠨ ᠬᠥᠳᠡᠭᠡ ᠲᠣᠰᠬᠤᠨ ᠤ ᠲᠤᠷᠰᠢᠯᠲᠠ ᠶᠢᠨ ᠣᠷᠣᠨ ᠢ ᠴᠢᠷᠮᠠᠶᠢᠨ ᠡᠭᠦᠳᠬᠦ ᠬᠡᠷᠡᠭᠲᠡᠶ ᠭᠡᠵᠦ ᠴᠢᠬᠤᠯᠠᠴᠢᠯᠠᠪᠠ᠃     ᠴᠢᠶᠣᠤ ᠰᠢᠶᠤᠤ ᠵᠢᠶᠦ᠋ᠨ ᠤᠷᠢᠳ ᠬᠤᠵᠢᠳ ᠰᠤᠪᠤᠷᠭ᠎ᠠ ᠪᠠᠯᠭᠠᠰᠤᠨ ᠤ ᠰᠤᠪᠤᠷᠭ᠎ᠠ ᠭᠠᠴᠠᠭ᠎ᠠ᠂ ᠡᠵᠡᠨ ᠬᠤᠷᠤᠭ᠎ᠠ ᠪᠠᠯᠭᠠᠰᠤᠨ ᠤ ᠪᠤᠯᠠᠭ ᠭᠠᠴᠠᠭ᠎ᠠ᠂ ᠰᠢᠪᠠᠷᠲᠠᠢ  ᠭᠠᠴᠠᠭᠠᠨ ᠳᠤ ᠬᠦᠷᠴᠦ᠂ ᠲᠤᠬᠠᠢ ᠶᠢᠨ ᠭᠠᠵᠠᠷ ᠢᠶᠠᠷ ᠲᠣᠭᠤᠷᠢᠨ ᠦᠵᠡᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠲᠦᠷᠦᠯ ᠵᠦᠢᠯ ᠢ ᠠᠬᠢᠭᠤᠯᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠴᠢᠶᠣᠤ ᠰᠢᠶᠤᠤ ᠵᠢᠶᠦ᠋ᠨ᠂ ᠠᠵᠤ ᠦᠢᠯᠡᠰ ᠤᠨ ᠲᠤᠯᠭᠠᠭᠤᠷᠢᠯᠠᠯ ᠢ ᠴᠢᠩᠭᠠᠳᠬᠠᠵᠤ᠂ ᠣᠷᠣᠨ ᠨᠤᠲᠤᠭ ᠤᠨ ᠡᠬᠢ ᠪᠠᠶᠠᠯᠢᠭ ᠤᠨ ᠳᠠᠪᠠᠭᠤᠯᠢᠭ ᠲᠠᠢ ᠤᠶᠠᠯᠳᠤᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠤᠨᠴᠠᠯᠢᠬᠳᠤ ᠠᠵᠤ ᠦᠢᠯᠡᠰ ᠢ ᠬᠥᠭᠵᠢᠭᠦᠯᠵᠦ᠂ ᠡᠵᠡᠩᠨᠡᠯᠲᠡ ᠶᠢᠨ ᠵᠠᠭᠪᠤᠷ ᠪᠣᠯᠤᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢᠨ ᠰᠢᠨ᠎ᠡ ᠶᠢ ᠡᠭᠦᠳᠴᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ᠂ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠬᠡᠷᠡᠭᠲᠡᠢ᠃ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠲᠣᠰᠬᠤᠨ ᠤ ᠳᠦᠷᠰᠦ ᠪᠠᠶᠢᠳᠠᠯ ᠢ ᠶᠡᠭᠡ ᠪᠠᠷ ᠰᠠᠶᠢᠵᠢᠷᠠᠭᠤᠯᠤᠨ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠴᠢᠨᠠᠷ ᠳᠡᠰ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠳᠠᠭᠤᠷᠢᠶᠠᠵᠤ ᠪᠣᠯᠬᠤ᠂ ᠳᠡᠯᠭᠡᠷᠡᠭᠦᠯᠵᠦ ᠪᠣᠯᠬᠤ ᠨᠡᠶᠢᠲᠡᠯᠢᠭ ᠲᠤᠷᠰᠢᠯᠭ᠎ᠠ ᠠᠷᠭ᠎ᠠ ᠎ ᠶᠢ  ᠳ᠋ᠦᠡᠭᠨᠡᠵᠦ᠂ ᠥᠷᠭᠡᠨ ᠤᠯᠠᠨ ᠲᠦᠮᠡᠨ ᠤ ᠰᠠᠨᠠᠭᠠᠴᠢᠯᠠᠭ᠎ᠠ ᠠᠴᠠ ᠪᠠᠨ ᠣᠷᠣᠯᠴᠠᠬᠤ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠬᠡᠨ ᠪᠠᠶᠢᠭᠤᠯᠤᠯᠲᠠ ᠶᠢᠨ ᠰᠠᠨᠠᠭᠠᠴᠢᠯᠠᠭᠠᠲᠤ ᠴᠢᠨᠠᠷ ᠪᠣᠯᠤᠨ ᠪᠦᠲᠦᠭᠡᠯᠴᠢ ᠴᠢᠨᠠᠷ ᠢ ᠭᠦᠢᠴᠡᠳ ᠬᠥᠭᠵᠢᠭᠡᠵᠦ᠂ ᠨᠢᠭᠡ ᠪᠦᠯᠦᠭ ᠣᠷᠴᠢᠨ ᠲᠣᠭᠤᠷᠢᠨ ᠭᠤᠶᠤ ᠰᠠᠶᠢᠬᠠᠨ᠂ ᠨᠤᠲᠤᠭ ᠤᠨ ᠰᠤᠷᠲᠠᠯ ᠪᠣᠯᠪᠠᠰᠤᠨ᠂ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢᠨ ᠦᠵᠡᠰᠬᠦᠯᠡᠩᠲᠦ ᠰᠠᠶᠢᠬᠠᠨ ᠲᠣᠰᠬᠤᠨ᠂ ᠵᠣᠯ ᠵᠢᠷᠭᠠᠯᠲᠤ ᠲᠣᠰᠬᠤᠨ᠂ ᠢᠷᠡᠭᠡᠳᠦᠢ ᠶᠢᠨ ᠲᠣᠰᠬᠤᠨ ᠢ ᠪᠠᠶᠢᠭᠤᠯᠬᠤ ᠬᠡᠷᠡᠭᠲᠡᠢ᠃       ᠬᠤᠰᠢᠭᠤᠨ ᠤ ᠤᠳᠤᠷᠢᠳᠤᠯᠭ᠎ᠠ ᠯᠢᠦ ᠰᠢᠶᠣᠤ ᠳ᠋ᠦᠩ ᠵᠢᠴᠢ ᠬᠠᠮᠢᠶ᠎ᠠ ᠪᠦᠬᠦᠢ ᠪᠠᠯᠭᠠᠰᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ