ᠴᠠᠭᠠᠨ ᠬᠠᠷᠠᠩ ᠡᠪᠡᠳᠴᠢᠲᠡᠨ ᠤ ᠪᠠᠶᠠᠷ ᠤᠨ ᠮᠡᠳᠡᠭᠡ︕ ​ᠦᠨ᠎ᠡ ᠲᠥᠯᠥᠪᠦᠷᠢ ᠦᠭᠡᠢ ᠮᠡᠰᠡ ᠵᠠᠰᠠᠯ  ᠤᠨ ᠵᠠᠪᠰᠢᠶᠠᠨ ᠲᠠᠨ ᠤ  ᠭᠤᠶᠤᠴᠢᠯᠠᠯ ᠢ ᠬᠦᠯᠢᠶᠡᠵᠦ  ᠪᠠᠶᠢᠨ᠎ᠠ
ᠨᠡᠶᠢᠲᠡᠯᠡᠭᠰᠡᠨ ᠴᠠᠭ᠄
2024/5/19
      ︽ᠬᠡᠷᠡᠯ ᠭᠡᠭᠡ ᠶᠢᠨ ᠠᠶᠠᠯᠠᠯ︾ ᠨᠡᠶᠢᠭᠡᠮ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠪᠣᠯ ᠣᠷᠣᠯᠭ᠎ᠠ ᠪᠠᠭᠠᠲᠠᠶ ᠶᠠᠳᠠᠭᠤ ᠬᠦᠴᠢᠷᠳᠡᠯᠲᠡᠶ ᠬᠡᠷ ᠪᠦᠯᠢ ᠶᠢᠨ ᠴᠠᠭᠠᠨ ᠬᠠᠷᠠᠩ ᠡᠪᠡᠳᠴᠢᠲᠡᠨ᠂ 5᠎ ᠲᠠᠢ ᠰᠤᠷᠤᠭᠴᠢᠳ ᠲᠤ ᠬᠠᠨᠳᠤᠭᠤᠯᠤᠭᠰᠠᠨ ᠠᠪᠤᠷᠠᠨ ᠲᠤᠰᠠᠯᠠᠬᠤ ᠠᠵᠢᠯᠯᠠᠭ᠎ᠠ ᠪᠣᠯᠤᠨ᠎ᠠ᠂ ᠡᠨᠡ ᠬᠦ ᠣᠨᠴᠠᠭᠠᠶ ᠬᠦᠮᠦᠰ ᠤᠨ ᠳᠣᠲᠣᠷᠠᠬᠢ ᠨᠢᠳᠦᠨ ᠤ ᠡᠪᠡᠳᠴᠢᠨ ᠳᠤ ᠨᠡᠷᠪᠡᠭᠳᠡᠭᠰᠡᠳ ᠲᠤ ᠰᠦᠢᠳᠭᠡᠯ ᠬᠤᠷᠢᠶᠠᠬᠤ ᠥᠬᠡᠶ ᠪᠠᠷ ᠴᠠᠭᠠᠨ ᠬᠠᠷᠠᠩ ᠢ ᠬᠠᠷᠠᠭ᠎ᠠ ᠣᠷᠣᠭᠤᠯᠬᠤ᠂ ᠬᠢᠯᠠᠷ ᠬᠠᠷᠠᠭ᠎ᠠ ᠶᠢ ᠵᠠᠯᠠᠷᠠᠭᠤᠯᠬᠤ ᠮᠡᠰᠡ ᠵᠠᠰᠠᠯ ᠬᠢᠬᠦ ᠵᠢᠴᠢ ᠣᠶᠢᠷ᠎ᠠ ᠬᠠᠷᠠᠭ᠎ᠠ ᠲᠠᠢ ᠰᠤᠷᠤᠭᠴᠢᠳ ᠲᠤ  ᠰᠦᠢᠳᠭᠡᠯ ᠬᠤᠷᠢᠶᠠᠬᠤ ᠥᠬᠡᠶ ᠪᠠᠷ ᠣᠶᠢᠷ᠎ᠠ ᠬᠠᠷᠠᠭ᠎ᠠ ᠶᠢᠨ ᠨᠢᠳᠦᠨ ᠰᠢᠯ ᠵᠡᠭᠦᠯᠭᠡᠵᠦ᠂ ᠲᠡᠳᠡᠨ ᠢ ᠬᠠᠪᠰᠤᠷᠤᠨ ᠬᠡᠷᠡᠯ ᠭᠡᠭᠡ ᠪᠠ ᠰᠤᠷᠤᠯᠭ᠎ᠠ᠂ ᠠᠮᠢᠳᠤᠷᠠᠯ ᠤᠨ ᠢᠲᠡᠭᠡᠯ ᠢ ᠨᠢ  ᠤᠯᠭᠤᠵᠣ ᠥᠭᠭᠦᠨ᠎ᠡ᠃      ︽ᠬᠡᠷᠡᠯ ᠬᠡᠬᠡ ᠶᠢᠨ ᠠᠶᠠᠯᠠᠯ︾ ᠨᠡᠶᠢᠭᠡᠮ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠤᠰᠠᠳᠠ᠂ ᠪᠥᠬᠦ ᠣᠷᠣᠨ ᠤ ︽ᠬᠡᠷᠡᠯ ᠬᠡᠬᠡ ᠶᠢᠨ ᠠᠶᠠᠯᠠᠯ︾ ᠨᠡᠶᠢᠭᠡᠮ  ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠵᠣᠬᠢᠶᠠᠨ ᠪᠠᠶᠢᠭᠤᠯᠬᠤ ᠺᠣᠮᠢᠰ ᠤᠨ ᠠᠯᠪᠠᠨ ᠬᠡᠷ ᠤᠨ ᠨᠡᠶᠢᠲᠡᠯᠡᠭᠰᠡᠨ ︽ᠪᠥᠬᠦ ᠣᠷᠣᠨ ᠤ ︿ᠬᠡᠷᠡᠯ ᠬᠡᠬᠡ ᠶᠢᠨ ᠠᠶᠠᠯᠠᠯ﹀ ᠨᠡᠶᠢᠭᠡᠮ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠲᠥᠷᠥᠯ  ᠵᠤᠶᠢᠯ ᠤᠨ ᠬᠠᠮᠢᠶᠠᠷᠤᠯᠲᠠ ᠶᠢᠨ ᠠᠷᠭ᠎ᠠ︾ ︵︽ᠬᠡᠷᠡᠯ ᠬᠡᠬᠡ ᠶᠢᠨ ᠠᠶᠠᠯᠠᠯ︾ ᠠᠯᠪᠠᠨ ᠲᠠᠷᠬᠠᠭᠠᠭᠰᠠᠨ   ﹇2024 ﹈ 1 ᠳ᠋ᠤᠭᠡᠷ ᠲᠣᠭᠠᠲᠤ︶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠡᠳᠦᠭᠡ ᠬᠠᠮᠢᠶ᠎ᠠ ᠪᠥᠬᠦᠶ ᠵᠣᠶᠢᠯᠡᠰ ᠢ ᠳᠤᠤᠷᠠᠬᠢ ᠮᠡᠲᠦ  ᠮᠡᠳᠡᠭᠳᠡᠶ᠎ᠡ᠄      1. ᠠᠪᠤᠷᠠᠨ ᠲᠤᠰᠠᠯᠠᠬᠤ ᠡᠲᠡᠭᠡᠳ     ︽ᠬᠡᠷᠡᠯ ᠬᠡᠬᠡ ᠶᠢᠨ ᠠᠶᠠᠯᠠᠯ︾᠎ ᠤᠨ ᠲᠥᠷᠥᠯ ᠵᠣᠶᠢᠯ ᠤᠨ ᠠᠪᠤᠷᠠᠨ ᠲᠤᠰᠠᠯᠠᠬᠤ ᠡᠲᠡᠭᠡᠳ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠦᠬᠡ ᠠᠮᠠ ᠶᠢᠨ ᠬᠠᠷᠢᠶ᠎ᠠ ᠲᠠᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠥᠷᠳᠡᠭᠰᠡᠳ᠂ ᠣᠨᠴᠠ ᠬᠦᠴᠢᠷᠳᠡᠯᠲᠡᠶ ᠬᠥᠮᠦᠰ᠂ ᠳᠠᠬᠢᠨ ᠶᠠᠳᠠᠭᠤᠷᠠᠬᠤ ᠶᠢ  ᠰᠡᠷᠭᠡᠶᠢᠯᠡᠭᠰᠡᠨ ᠬᠦᠴᠢᠷᠳᠡᠯᠲᠡᠶ ᠬᠡᠷ ᠪᠦᠯᠢ ᠶᠢᠨ ᠬᠢᠨ ᠤ ᠴᠠᠭᠠᠨ ᠬᠠᠷᠠᠩ ᠡᠪᠡᠳᠴᠢᠲᠡᠨ ᠪᠠ 3 - 18 ᠨᠠᠰᠤᠨ ᠤ ᠣᠶᠢᠷ᠎ᠠ ᠬᠠᠷᠠᠭ᠎ᠠ ᠲᠠᠢ᠂ ᠬᠢᠯᠠᠷ ᠬᠠᠷᠠᠭ᠎ᠠ ᠲᠠᠢ ᠬᠦᠮᠦᠰ ᠪᠣᠯᠤᠨ᠎ᠠ᠃      2. ᠭᠤᠶᠤᠴᠢᠯᠠᠭᠴᠢ ᠶᠢᠨ ᠬᠡᠷᠡᠭᠰᠡᠬᠦ ᠭᠡᠷᠡᠴᠢᠯᠡᠬᠦ ᠮᠠᠲ᠋ᠧᠷᠢᠶᠠᠯ       ᠪᠡᠶ᠎ᠡ ᠶᠢᠨ ᠭᠠᠷᠤᠯ ᠢ ᠭᠡᠷᠡᠴᠢᠯᠡᠬᠦ ᠮᠠᠲ᠋ᠧᠷᠢᠶᠠᠯ        ︵1︶ . ᠴᠠᠭᠠᠨ ᠬᠠᠷᠠᠩ ᠡᠪᠡᠳᠴᠢᠲᠡᠨ ᠡᠷᠦᠬᠡ ᠠᠮᠠ ᠶᠢᠨ ᠳᠡᠪᠲᠡᠷ ᠪᠠ ᠪᠡᠶ᠎ᠡ ᠶᠢᠨ ᠦᠨᠡᠮᠯᠡᠯ ᠤᠨ ᠬᠠᠭᠤᠯᠪᠤᠷᠢ ᠪᠠᠨ ᠬᠠᠩᠭᠠᠬᠤ ᠬᠡᠷᠡᠭᠲᠡᠶ᠃        ︵2︶ . ᠣᠶᠢᠷ᠎ᠠ ᠬᠠᠷᠠᠭ᠎ᠠ᠂ ᠬᠢᠯᠠᠷ ᠬᠠᠷᠠᠭ᠎ᠠ ᠲᠠᠢ  ᠬᠡᠤᠭᠡᠳ ᠵᠠᠯᠠᠭᠤᠴᠤᠳ ᠪᠠᠭᠠᠴᠤᠳ ᠡᠷᠬᠡᠪᠰᠢ ᠲᠣᠰ ᠬᠥᠮᠦᠨ ᠵᠢᠴᠢ ᠲᠡᠭᠦᠨ ᠤ ᠬᠢᠨᠠᠨ ᠬᠠᠮᠠᠭᠠᠯᠠᠭᠴᠢ ᠶᠢᠨ ᠡᠷᠦᠬᠡ ᠠᠮᠠ ᠶᠢᠨ ᠳᠡᠪᠲᠡᠷ ᠪᠠ ᠪᠡᠶ᠎ᠡ ᠶᠢᠨ ᠦᠨᠡᠮᠯᠡᠯ ᠤᠨ ᠬᠠᠭᠤᠯᠪᠤᠷᠢ ᠶᠢ ᠬᠠᠩᠭᠠᠬᠤ ᠬᠡᠷᠡᠭᠲᠡᠶ᠃ ᠡᠷᠦᠬᠡ ᠠᠮᠠ ᠶᠢᠨ ᠳᠡᠪᠲᠡᠷ ᠨᠢ ᠬᠢᠨᠠᠨ ᠬᠠᠮᠠᠭᠠᠯᠠᠬᠤ ᠬᠠᠷᠢᠴᠠᠭ᠎ᠠ ᠶᠢ ᠭᠡᠷᠡᠴᠢᠯᠡᠵᠦ ᠳᠡᠶᠢᠯᠬᠦ ᠦᠭᠡᠶ ᠪᠣᠯ ᠭᠤᠶᠤᠴᠢᠯᠠᠭᠴᠢ ᠶᠢᠨ ᠲᠥᠷᠥᠭᠰᠡᠨ ᠭᠡᠷᠡᠴᠢ ᠶᠢᠨ ᠬᠠᠭᠤᠯᠪᠤᠷᠢ ᠪᠤᠶᠤ ᠲᠣᠮᠢᠯᠠᠭᠰᠠᠨ ᠰᠠᠯᠪᠤᠷᠢ ᠠᠴᠠ ᠬᠢᠵᠦ ᠥᠭᠭᠦᠭᠰᠡᠨ ᠬᠢᠨᠠᠨ ᠬᠠᠮᠠᠭᠠᠯᠠᠬᠤ ᠬᠠᠷᠢᠴᠠᠭ᠎ᠠ ᠶᠢᠨ ᠭᠡᠷᠡᠴᠢ ᠶᠢᠨ ᠤᠭ ᠮᠠᠲ᠋ᠧᠷᠢᠶᠠᠯ ᠢ ᠬᠠᠩᠭᠠᠬᠤ ᠬᠡᠷᠡᠭᠲᠡᠶ᠃      ᠬᠦᠴᠢᠷᠳᠡᠯ ᠲᠠᠢ ᠭᠡᠷ ᠪᠦᠯᠢ ᠶᠢᠨ ᠭᠡᠷᠡᠴᠢ ᠮᠠᠲ᠋ᠧᠷᠢᠶᠠᠯ        ︵1︶ . ᠴᠠᠭᠠᠨ ᠬᠠᠷᠠᠩ ᠡᠪᠡᠳᠴᠢᠲᠡᠨ ᠪᠠ ᠣᠶᠢᠷ᠎ᠠ ᠬᠠᠷᠠᠭ᠎ᠠ᠂ ᠬᠢᠯᠠᠷ ᠬᠠᠷᠠᠭ᠎ᠠ ᠲᠠᠢ ᠬᠡᠦᠬᠡᠳ ᠵᠠᠯᠠᠭᠤᠴᠤᠳ ᠪᠠᠭᠠᠴᠤᠳ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠪᠤᠶᠣ  ᠣᠨᠴᠠ ᠬᠦᠴᠢᠷᠳᠡᠯᠲᠡᠶ ᠬᠡᠷ ᠪᠦᠯᠢ ᠳᠤ  ᠬᠠᠷᠢᠶᠠᠯᠠᠭᠳᠠᠵᠤ ᠪᠠᠶᠢᠬᠤ ᠬᠠᠮᠢᠶ᠎ᠠ ᠪᠥᠬᠦᠶ ᠭᠡᠷᠡᠴᠢ ᠶᠢ ᠬᠠᠩᠭᠠᠵᠤ᠂ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠴᠠ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠠᠢ ᠬᠠᠷᠢᠯᠴᠠᠵᠤ   ᠬᠠᠷᠭᠤᠭᠤᠯᠤᠨ ᠪᠠᠶᠢᠴᠠᠭᠠᠵᠤ ᠨᠤᠲᠠᠯᠠᠨ  ᠳᠤᠭᠲᠠᠭᠠᠬᠤ ᠬᠡᠷᠡᠭᠳᠡᠢ᠃       ︵2 ︶ . ᠴᠠᠭᠠᠨ ᠬᠠᠷᠠᠩ ᠡᠪᠡᠳᠴᠢᠲᠡᠨ ᠪᠠ ᠣᠶᠢᠷ᠎ᠠ ᠬᠠᠷᠠᠭ᠎ᠠ᠂ ᠬᠢᠯᠠᠷ ᠬᠠᠷᠠᠭ᠎ᠠ ᠲᠠᠢ ᠬᠡᠦᠬᠡᠳ ᠵᠠᠯᠠᠭᠤᠴᠤᠳ ᠪᠠᠭᠠᠴᠤᠳ ᠳᠠᠬᠢᠨ ᠶᠠᠳᠠᠭᠤᠷᠠᠬᠤ ᠶᠢ ᠰᠡᠷᠭᠡᠶᠢᠯᠡᠭᠰᠡᠨ ᠬᠦᠴᠢᠷᠳᠡᠯᠲᠡᠶ ᠬᠡᠷ ᠪᠦᠯᠢ ᠶᠢᠨ ᠬᠠᠮᠢᠶ᠎ᠠ ᠪᠥᠬᠦᠶ ᠭᠡᠷᠡᠴᠢ ᠶᠢ ᠬᠠᠩᠭᠠᠵᠤ᠂ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠎ ᠲᠠᠢ ᠬᠠᠷᠢᠯᠴᠠᠵᠤ ᠬᠠᠷᠭᠤᠭᠤᠯᠤᠨ ᠪᠠᠶᠢᠴᠠᠭᠠᠵᠤ ᠨᠤᠲᠠᠯᠠᠨ ᠳᠤᠭᠲᠠᠭᠠᠬᠤ ᠬᠡᠷᠡᠭᠳᠡᠢ᠃     3 .  ᠠᠪᠤᠷᠠᠨ ᠲᠤᠰᠠᠯᠠᠬᠤ ᠪᠠᠷᠢᠮᠵᠢᠶ᠎ᠠ         ᠬᠦᠴᠢᠷᠳᠡᠯᠲᠡᠶ ᠭᠡᠷ ᠪᠦᠯᠢ ᠶᠢᠨ ᠬᠢᠨ ᠤ ᠴᠠᠭᠠᠨ ᠬᠠᠷᠠᠩ ᠡᠪᠡᠳᠴᠢᠲᠡᠨ ᠤ ᠮᠡᠰᠡ ᠵᠠᠰᠠᠯ ᠤᠨ ᠵᠠᠷᠤᠳᠠᠯ ᠤᠨ ᠡᠮᠨᠡᠯᠭᠡ ᠶᠢᠨ ᠳᠠᠭᠠᠳᠬᠠᠯ ᠤᠨ ᠳᠠᠩᠰᠠ ᠲᠠᠶᠢᠯᠤᠭᠰᠠᠨ ᠤ ᠳᠠᠷᠠᠭᠠᠬᠢ ᠥᠪᠡᠰᠦᠪᠡᠨ ᠭᠠᠷᠭᠠᠬᠤ ᠬᠡᠰᠡᠭ ᠢ ᠪᠦᠬᠦᠨ ᠢ ︽ᠬᠡᠷᠡᠯ ᠬᠡᠬᠡ ᠶᠢᠨ ᠠᠶᠠᠯᠠᠯ︾᠎ ᠤᠨ ᠲᠥᠷᠥᠯ ᠵᠦᠢᠯ ᠡᠭᠦᠷᠭᠡᠯᠡᠨ᠎ᠡ᠃ ᠡᠮᠨᠡᠯᠭᠡ ᠶᠢᠨ ᠳᠠᠭᠠᠳᠬᠠᠯ ᠦᠭᠡᠢ ᠬᠦᠴᠢᠷᠳᠡᠯ ᠲᠠᠢ ᠭᠡᠷ ᠪᠦᠯᠢ ᠶᠢᠨ ᠴᠠᠭᠠᠨ ᠬᠠᠷᠠᠩ ᠡᠪᠡᠳᠴᠢᠲᠡᠨ ᠢ ᠠᠪᠤᠷᠠᠨ ᠲᠤᠰᠠᠯᠠᠬᠤ ᠪᠠᠷᠢᠮᠵᠢᠶ᠎ᠠ ᠨᠢ 2000 ᠲᠥᠭᠦᠷᠢᠭ ᠪᠣᠯᠤᠨ᠎ᠠ᠃        ᠶᠠᠳᠠᠭᠤ ᠬᠦᠴᠢᠷᠳᠡᠯᠲᠡᠶ ᠬᠡᠷ ᠪᠦᠯᠢ ᠶᠢᠨ ᠬᠡᠤᠭᠡᠳ ᠵᠠᠯᠠᠭᠤᠴᠤᠳ ᠪᠠᠭᠠᠴᠤᠳ ᠲᠤ ᠨᠢᠳᠦᠨ ᠰᠢᠯ ᠲᠠᠭᠠᠷᠠᠭᠤᠯᠬᠤ ᠳᠤ᠂ ᠠᠪᠤᠷᠠᠨ ᠲᠤᠰᠠᠯᠠᠬᠤ ᠪᠠᠷᠢᠮᠵᠢᠶ᠎ᠠ ᠨᠢ 500 ᠲᠥᠭᠦᠷᠢᠭ᠂ 500 ᠲᠥᠭᠦᠷᠢᠭ ᠬᠥᠷᠬᠦ ᠥᠬᠡᠶ ᠪᠠᠶᠢᠪᠠᠯ ᠦᠨᠡᠨ ᠮᠥᠨ ᠢᠶᠠᠷ ᠨᠢ ᠲᠠᠩᠰᠠ ᠳᠡᠶᠢᠯᠵᠦ ᠥᠭᠭᠦᠨ᠎ᠡ᠃ ᠨᠢᠳᠦᠨ ᠰᠢᠯ ᠲᠠᠭᠠᠷᠠᠭᠤᠯᠬᠤ ᠴᠢᠬᠤᠯᠠᠲᠠᠶ ᠬᠡᠦᠬᠡᠳ ᠵᠠᠯᠠᠭᠤᠴᠤᠳ ᠪᠠᠭᠠᠴᠤᠳ ᠲᠤᠬᠠᠶ ᠶᠢᠨ ᠭᠠᠵᠠᠷ ᠤᠨ ᠵᠢᠩᠬᠢᠨᠢ ᠨᠢᠳᠦᠨ ᠰᠠᠯᠠᠭᠠᠨ ᠤ ᠡᠮᠴᠢᠯᠡᠭᠡᠨ ᠤ ᠪᠠᠶᠢᠭᠤᠯᠤᠮᠵᠢ ᠪᠤᠶᠤ ᠨᠢᠳᠦᠨ ᠰᠢᠯ ᠤᠨ ᠳᠡᠯᠭᠡᠭᠦᠷ ᠲᠤ ᠣᠶᠢᠷ᠎ᠠ ᠬᠠᠷᠠᠭ᠎ᠠ ᠶᠢᠨ ᠨᠢᠳᠦᠨ ᠰᠢᠯ ᠲᠠᠭᠠᠷᠠᠭᠤᠯᠵᠤ ᠪᠣᠯᠤᠨ᠎ᠠ᠃ ᠨᠢᠳᠦᠨ ᠰᠢᠯ ᠲᠠᠭᠠᠷᠠᠭᠤᠯᠤᠭᠰᠠᠨ ᠨᠢᠭᠡ ᠰᠠᠷ᠎ᠠ ᠶᠢᠨ ᠳᠣᠲᠣᠷ᠎ᠠ᠂ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠤ ︽ᠪᠥᠬᠦ ᠣᠷᠣᠨ ᠤ ︿ᠬᠡᠷᠡᠯ ᠭᠡᠭᠡ ᠶᠢᠨ ᠠᠶᠠᠯᠠᠯ﹀᠎ ᠤᠨ ᠲᠥᠷᠥᠯ ᠵᠣᠶᠢᠯ ᠤᠨ ᠭᠤᠶᠤᠴᠢᠯᠠᠯ ᠤᠨ ᠬᠦᠰᠦᠨᠦᠭᠲᠦ︾ ᠪᠠ ᠨᠢᠳᠦᠨ ᠰᠢᠯ  ᠲᠠᠭᠠᠷᠠᠭᠤᠯᠤᠭᠰᠠᠨ ᠪᠠᠷᠢᠮᠲᠠ᠂ ᠭᠡᠷᠡᠴᠢᠯᠡᠬᠦ ᠮᠠᠲ᠋ᠧᠷᠢᠶᠠᠯ ᠢ  ᠲᠤᠰᠢᠶᠠᠬᠤ ᠬᠡᠷᠡᠭᠳᠡᠢ᠃        ᠶᠠᠳᠠᠭᠤ ᠬᠦᠴᠢᠷᠳᠡᠯᠲᠡᠶ ᠬᠡᠷ ᠪᠦᠯᠢ ᠶᠢᠨ ᠬᠡᠦᠬᠡᠳ ᠵᠠᠯᠠᠭᠤᠴᠤᠳ ᠪᠠᠭᠠᠴᠤᠳ ᠤᠨ ᠬᠢᠯᠠᠷ ᠬᠠᠷᠠᠭ᠎ᠠ ᠶᠢ ᠵᠠᠯᠠᠷᠠᠭᠤᠯᠬᠤ ᠮᠡᠰᠡ ᠵᠠᠰᠠᠯ ᠤᠨ ᠬᠥᠮᠦᠨ ᠪᠦᠷᠢ ᠶᠢᠨ ᠠᠪᠤᠷᠠᠨ ᠲᠤᠰᠠᠯᠠᠬᠤ ᠪᠠᠷᠢᠮᠵᠢᠶ᠎ᠠ ᠨᠢ 4000 ᠲᠥᠭᠦᠷᠢᠭ᠂ 4000 ᠲᠥᠭᠦᠷᠢᠭ ᠬᠥᠷᠬᠦ ᠥᠬᠡᠶ ᠶᠢ ᠨᠢ ᠦᠨᠡᠨ ᠪᠣᠳᠠᠲᠠᠶ ᠪᠠᠷ ᠲᠠᠩᠰᠠ ᠳᠡᠶᠢᠯᠵᠦ ᠥᠭᠭᠦᠨ᠎ᠡ᠃          ᠨᠢᠳᠦᠨ ᠰᠢᠯ ᠲᠠᠭᠠᠷᠠᠭᠤᠯᠬᠤ᠂ ᠬᠢᠯᠠᠷ ᠬᠠᠷᠠᠭ᠎ᠠ ᠶᠢ ᠵᠠᠯᠠᠷᠠᠭᠤᠯᠬᠤ ᠳᠤ ᠬᠥᠮᠦᠨ ᠪᠦᠷᠢ ᠨᠢᠭᠡ ᠯᠡ ᠤᠳᠠᠭ᠎ᠠ ᠲᠤᠰᠠᠯᠠᠮᠵᠢ ᠬᠦᠷᠲᠡᠨ᠎ᠡ᠃        4 . ᠴᠠᠭᠠᠨ ᠬᠠᠷᠠᠩ᠂ ᠬᠢᠯᠠᠷ ᠬᠠᠷᠠᠭ᠎ᠠ ᠶᠢ  ᠵᠠᠯᠠᠷᠠᠭᠤᠯᠬᠤ ᠲᠣᠭᠲᠠᠭᠰᠠᠨ ᠡᠮᠨᠡᠯᠭᠡ ᠶᠢᠨ ᠪᠠᠶᠢᠭᠤᠯᠤᠮᠵᠢ          ᠣᠷᠳᠣᠰ ᠤᠨ ᠰᠢᠦᠢ ᠶᠦᠩ ᠨᠢᠳᠦᠨ ᠡᠮᠨᠡᠯᠭᠡ ᠶᠢᠨ ᠬᠤᠷᠢᠶ᠎ᠠ ︵ᠳ᠋ᠦᠩᠱᠧᠩ ᠲᠣᠭᠤᠷᠢᠭ ᠤᠨ ᠶᠦᠩ ᠴᠠᠩ ᠵᠠᠮ ᠤᠨ 26 ᠳ᠋ᠤᠭᠠᠷ ᠨᠣᠮᠧᠷ︶  ᠤᠲᠠᠰᠤ᠄ 0477 - 8327033        5 . ᠬᠤᠯᠪᠤᠭᠳᠠᠯ ᠪᠦᠬᠦᠢ ᠶᠠᠪᠤᠳᠠᠯ         ᠨᠥᠬᠦᠴᠡᠯ ᠳᠤ ᠨᠡᠶᠢᠴᠡᠬᠦ ᠭᠤᠶᠤᠴᠢᠯᠠᠭᠴᠢ ᠳᠠᠭᠠᠯᠳᠤᠭᠤᠯᠤᠯ ᠬᠦᠰᠦᠨᠦᠭᠲᠦ ᠶᠢ ᠰᠢᠭᠤᠳ ᠪᠠᠭᠤᠯᠭᠠᠵᠤ ᠠᠪᠬᠤ ᠪᠤᠶᠤ ᠲᠤᠬᠠᠶ ᠶᠢᠨ ᠲᠠᠯᠠᠪᠤᠷ ᠲᠤᠨᠢ ︽ᠪᠥᠬᠦ ᠣᠷᠣᠨ ᠤ ︿ᠬᠡᠷᠡᠯ ᠭᠡᠭᠡ ᠶᠢᠨ ᠠᠶᠠᠯᠠᠯ﹀᠎ ᠤᠨ ᠲᠥᠷᠥᠯ ᠵᠣᠶᠢᠯ ᠤᠨ ᠭᠤᠶᠤᠴᠢᠯᠠᠯ ᠤᠨ ᠬᠦᠰᠦᠨᠦᠭᠲᠦ︾᠎ ᠶᠢ ᠲᠠᠭᠯᠠᠨ ᠪᠢᠴᠢᠵᠦ᠂ ᠭᠡᠷᠡᠴᠢᠯᠡᠯ ᠤᠨ ᠮᠠᠲ᠋ᠧᠷᠢᠶᠠᠯ ᠢ ᠡᠵᠡᠨ ᠬᠤᠷᠤᠭ᠎ᠠ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠤ ᠲᠤᠰᠢᠶᠠᠵᠤ ᠬᠢᠨᠠᠨ ᠬᠠᠷᠭᠤᠭᠤᠯᠤᠨ᠎ᠠ᠃        ᠬᠠᠷᠢᠯᠴᠠᠬᠤ ᠤᠲᠠᠰᠤ᠄ 0477 - 8969092  ᠁       ᠬᠠᠶ᠋ᠢᠭ᠄ ᠡᠵᠡᠨ ᠬᠤᠷᠤᠭ᠎ᠠ ᠬᠤᠰᠢᠭᠤᠨ ᠤ ᠴᠧᠨ ᠶᠤᠸᠠᠨ ᠲᠣᠮᠣ ᠠᠰᠠᠷ ᠤᠨ A ᠠᠰᠠᠷ 307 ᠥᠷᠥᠭᠡ 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ