ᠮᠧᠩ ᠱᠠᠩ ᠪᠠᠩᠬᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠪᠠᠩᠬᠢ ᠶᠢᠨ ᠳᠠᠷᠤᠭ᠎ᠠ ᠨᠢᠦ ᠭᠤᠸᠠᠨ ᠷᠦᠩ ᠨᠠᠷ ᠡᠵᠡᠨ ᠬᠤᠷᠤᠭ᠎ᠠ ᠬᠤᠰᠢᠭᠤᠨ ᠳᠤ ᠢᠷᠡᠵᠦ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/5/21
      5 ᠰᠠᠷ᠎ᠠ ᠶᠢᠨ 17᠎ ᠤ ᠡᠳᠦᠷ᠂ ᠮᠸᠡᠭ ᠱᠠᠩ ᠪᠠᠩᠬᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠪᠠᠩᠬᠢ ᠶᠢᠨ ᠳᠠᠷᠤᠭ᠎ᠠ ᠨᠢᠦ ᠭᠤᠸᠠᠨ ᠷᠦᠩ ᠨᠠᠷ ᠡᠵᠡᠨ ᠬᠤᠷᠤᠭ᠎ᠠ ᠬᠤᠰᠢᠭᠤᠨ ᠳᠤ ᠢᠷᠡᠵᠦ ᠰᠢᠨᠵᠢᠯᠡᠨ ᠪᠠᠶᠢᠴᠠᠭᠠᠪᠠ᠃       ᠬᠤᠰᠢᠭᠤᠨ ᠤ ᠨᠠᠮ ᠤᠨ ᠬᠤᠷᠢᠶᠠᠨ ᠤ ᠱᠦᠵᠢ  ᠡᠤ ᠶᠦᠨ ᠪᠠᠷ᠎ᠠ ᠪᠣᠯᠪᠠ᠃ ᠰᠢᠨᠵᠢᠯᠡᠨ ᠪᠠᠶᠢᠴᠠᠭᠠᠬᠤ ᠳᠤᠭᠤᠶᠢᠯᠠᠩ ᠤᠷᠢᠳ ᠬᠤᠵᠢᠳ ᠮᠸᠡᠭ ᠰᠤ᠋ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠶᠤᠸᠠᠨ ᠵᠢᠩ ᠣᠷᠳᠣᠰ ᠤᠨ ᠣᠲᠣ ᠦᠶ᠎ᠡ ᠶᠢᠨ ᠡᠨᠧᠷᠭᠢ ᠶᠢᠨ ᠲᠣᠨᠣᠭᠯᠠᠯ  ᠦᠢᠯᠡᠳᠬᠦ ᠰᠠᠭᠤᠷᠢᠨ᠂ ᠯᠦᠩ ᠵᠢᠶ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ  ᠦᠢᠯᠡᠰ  ᠤᠨ ᠬᠦᠷᠢᠶᠡᠯᠡᠩ ᠢᠶᠠᠷ ᠲᠣᠭᠤᠷᠢᠨ ᠦᠵᠡᠵᠦ ᠰᠢᠨᠵᠢᠯᠡᠨ ᠪᠠᠶᠢᠴᠠᠭᠠᠪᠠ᠃  ᠡᠤ ᠶᠦᠨ ᠵᠢᠴᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠡᠵᠡᠨ ᠬᠤᠷᠤᠭ᠎ᠠ ᠬᠤᠰᠢᠭᠤᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ᠂ ᠲᠡᠭ ᠨᠡᠭᠦᠷᠡᠰᠦᠲᠥ᠋ᠷᠥᠭᠴᠢ ᠶᠢᠨ ᠠᠵᠤ ᠦᠢᠯᠡᠰ ᠤᠨ ᠬᠦᠷᠢᠶᠡᠯᠡᠩ ᠤᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ᠂ ᠭᠤᠤᠯᠳᠠᠯᠭ᠎ᠠ ᠲᠠᠢ ᠲᠥᠷᠥᠯ ᠵᠦᠢᠯ ᠢ ᠠᠬᠢᠭᠤᠯᠤᠭᠰᠠᠨ ᠵᠡᠷᠭᠡ ᠪᠠᠶᠢᠳᠠᠯ ᠵᠢᠴᠢ ᠲᠠᠷᠠᠭᠠᠴᠢ ᠶᠢᠨ ᠠᠯᠬᠤᠮ ᠤᠨ ᠬᠥᠭᠵᠢᠯᠲᠡ ᠶᠢᠨ ᠲᠥᠯᠥᠪᠯᠡᠭᠡ ᠶᠢ ᠨᠠᠷᠢᠨ ᠲᠠᠨᠢᠯᠴᠠᠭᠤᠯᠪᠠ᠃ ᠦ᠋ ᠶᠦᠨ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠦᠷᠴᠦ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠵᠦ᠂ ᠥᠪᠥᠷ ᠮᠣᠩᠭᠤᠯ ᠤᠨ ᠬᠤᠳᠠᠯᠳᠤᠭᠠᠨ ᠤ ᠪᠠᠩᠬᠢ ᠶᠢᠨ ᠡᠵᠡᠨ ᠬᠤᠷᠤᠭ᠎ᠠ ᠬᠤᠰᠢᠭᠤᠨ ᠳᠤ ᠬᠦᠴᠦᠲᠡᠶ ᠳᠡᠮᠵᠢᠯᠭᠡ ᠦᠵᠡᠭᠦᠯᠦᠭᠰᠡᠭᠡᠷ ᠢᠷᠡᠭᠰᠡᠨ ᠳᠤ ᠲᠠᠯᠠᠷᠬᠠᠵᠤ᠂ ᠵᠠᠰᠠᠭ ᠪᠠᠩᠬᠢ ᠠᠵᠤ ᠠᠬᠤᠶᠢᠯᠠᠯ ᠤᠨ ᠨᠡᠪᠲᠡᠷᠡᠯᠴᠡᠭᠡ ᠵᠣᠯᠭᠠᠯᠴᠠᠭ᠎ᠠ ᠶᠢ ᠤᠯᠠᠮ ᠴᠢᠨᠠᠭᠰᠢᠳᠠ ᠴᠢᠩᠭᠠᠳᠬᠠᠵᠤ᠂ ᠬᠠᠮᠲᠤᠷᠠᠯᠴᠠᠭᠠᠨ ᠤ ᠡᠷᠴᠢᠮ ᠢᠶᠠᠨ ᠴᠢᠩᠭᠠᠷᠠᠭᠤᠯᠵᠤ᠂ ᠭᠠᠷ ᠬᠤᠯᠪᠣᠨ ᠬᠠᠮᠲᠤ ᠪᠠᠷ ᠠᠰᠢᠭ ᠭᠥᠷᠳᠡᠬᠦ ᠬᠥᠭᠵᠢᠯᠲᠡ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠪᠡ᠃ ᠰᠢᠨᠵᠢᠯᠡᠨ ᠪᠠᠶᠢᠴᠠᠭᠠᠬᠤ ᠳᠤᠭᠤᠶᠢᠯᠠᠩ ᠡᠵᠡᠨ ᠬᠤᠷᠤᠭ᠎ᠠ ᠬᠤᠰᠢᠭᠤᠨ ᠤ ᠰᠢᠨ᠎ᠡ ᠡᠨᠧᠷᠭᠢ ᠶᠢᠨ ᠠᠵᠤ  ᠦᠢᠯᠡᠰ ᠤᠨ ᠬᠥᠭᠵᠢᠯᠲᠡ ᠶᠢᠨ ᠲᠠᠯ᠎ᠠ ᠪᠠᠷ ᠣᠯᠤᠭᠰᠠᠨ ᠠᠮᠵᠢᠯᠲᠠ ᠪᠦᠲᠦᠮᠵᠢ ᠶᠢ ᠳᠡᠭᠡᠳᠦ ᠬᠡᠮᠵᠢᠶ᠎ᠡ ᠪᠠᠷ ᠦᠨᠡᠯᠡᠵᠦ᠂ ᠲᠣᠰ ᠤᠳᠠᠭ᠎ᠠ ᠶᠢᠨ ᠰᠢᠨᠵᠢᠯᠡᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠬᠠᠮᠲᠤᠷᠠᠯᠴᠠᠭ᠎ᠠ ᠶᠢ ᠨᠠᠩ ᠭᠦᠨᠵᠡᠭᠡᠶ ᠥᠷᠨᠢᠭᠦᠯᠦᠨ᠎ᠡ ᠭᠡᠵᠦ ᠢᠯᠡᠳᠬᠡᠪᠡ᠃        ᠬᠤᠰᠢᠭᠤᠨ ᠤ ᠤᠳᠤᠷᠢᠳᠤᠯᠭ᠎ᠠ ᠯᠢ ᠵᠢᠦᠸᠠᠨ᠂ ᠬᠦᠷᠢᠶᠡᠯᠡᠩ ᠲᠣᠭᠤᠷᠢᠭ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠤᠷᠤᠯᠴᠠᠪᠠ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ