ᠣᠷᠳᠣᠰ ᠭᠠᠯᠲᠤ ᠲᠡᠷᠭᠡᠨ  ᠦᠷᠳᠡᠭᠡ ᠲᠡᠷᠭᠡ ᠵᠣᠭᠰᠣᠬᠤ ᠶᠢ ᠴᠡᠭᠴᠡᠯᠡᠨ ᠵᠢᠷᠤᠮᠵᠢᠭᠤᠯᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2024/5/22
      ᠣᠷᠳᠣᠰ ᠤᠨ ᠭᠠᠯᠲᠤ ᠲᠡᠷᠭᠡᠨ ᠥᠷᠲᠡᠭᠡᠨ ᠤ ᠡᠷᠬᠢᠨ ᠲᠣᠭᠤᠷᠢᠨ ᠤ ᠰᠠᠶᠢᠨ ᠰᠠᠶᠢᠬᠠᠨ ᠵᠠᠮ ᠬᠠᠷᠢᠯᠴᠠᠭᠠᠨ ᠤ ᠡᠮᠬᠢ ᠳᠢᠭᠯᠢᠮ ᠢ ᠬᠠᠮᠠᠭᠠᠯᠠᠬᠤ ᠶᠢᠨ ᠲᠥᠯᠥᠭᠡ᠂ ᠭᠠᠯᠲᠤ ᠲᠡᠷᠭᠡᠨ ᠥᠷᠲᠡᠭᠡᠨ ᠤ ᠡᠮᠦᠨ᠎ᠡ ᠵᠡᠭᠡᠯᠢ ᠶᠢᠨ ᠪᠠᠷᠠᠭᠤᠨ ᠲᠠᠯ᠎ᠠ ᠶᠢᠨ ᠲᠦᠷ ᠴᠠᠭ ᠤᠨ ᠲᠡᠷᠭᠡᠨ ᠵᠣᠭᠰᠣᠭᠠᠯ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠴᠢᠬᠤᠯᠠᠲᠠᠶ ᠤᠴᠢᠷ ᠠᠴᠠ ᠲᠡᠷᠭᠡ ᠤᠨᠤᠭ᠎ᠠ ᠶᠢ ᠭᠠᠳᠠᠭᠰᠢ ᠭᠠᠷᠭᠠᠬᠤ ᠠᠴᠠ ᠪᠢᠰᠢ ᠣᠷᠣᠭᠤᠯᠬᠤ ᠥᠬᠡᠶ ︵6 ᠰᠠᠷ᠎ᠠ ᠶᠢᠨ 11᠎ ᠤ ᠡᠳᠦᠷ ᠠᠴᠠ ᠡᠮᠦᠨ᠎ᠡ ᠲᠡᠷᠭᠡ ᠪᠠᠨ ᠵᠠᠶᠢᠯᠠᠭᠤᠯᠬᠤ  ᠭᠡᠷᠡᠭᠳᠡᠢ᠂ ᠵᠠᠶᠢᠯᠠᠭᠤᠯᠬᠤ ᠦᠭᠡᠢ ᠪᠤᠯ ᠰᠠᠭᠠᠳ ᠠᠷᠢᠯᠭᠠᠬᠤ ᠲᠡᠷᠭᠡ ᠪᠠᠷ ᠲᠡᠷᠭᠡᠨ ᠵᠣᠭᠰᠣᠭᠠᠯ ᠳᠤ ᠴᠢᠷᠴᠦ ᠠᠪᠠᠴᠢᠨ᠎ᠠ︶᠃ ᠲᠡᠷᠭᠡ ᠪᠠᠨ ᠰᠢᠨ᠎ᠡ ᠪᠠᠷ ᠪᠠᠶᠢᠭᠤᠯᠤᠭᠰᠠᠨ ᠲᠡᠷᠭᠡᠨ ᠵᠣᠭᠰᠣᠭᠠᠯ ᠪᠤᠶᠤ ᠭᠠᠯᠲᠤ ᠲᠡᠷᠭᠡᠨ ᠥᠷᠲᠡᠭᠡᠨ ᠤ ᠪᠠᠷᠠᠭᠤᠨ ᠲᠠᠯ᠎ᠠ ᠶᠢᠨ ᠰᠦᠢᠳᠬᠡᠯ ᠬᠤᠷᠢᠶᠠᠬᠤ ᠦᠭᠡᠶ ᠲᠡᠷᠭᠡᠨ ᠵᠣᠭᠰᠣᠭᠠᠯ ︵247 ᠲᠡᠷᠭᠡᠨ ᠵᠣᠭᠰᠣᠭᠠᠯ ᠪᠣᠢ᠂ ᠵᠢᠷᠤᠭ P2︶ ᠳᠣᠲᠣᠷ᠎ᠠ ᠪᠤᠶᠤ ᠥᠷᠲᠡᠭᠡᠨ ᠤ ᠡᠮᠦᠨᠡᠬᠢ ᠰᠦᠢᠳᠬᠡᠯ ᠬᠤᠷᠢᠶᠠᠬᠤ ᠲᠡᠷᠭᠡᠨ ᠵᠣᠭᠰᠣᠭᠠᠯ ︵ᠪᠠᠷᠤᠭ 800 ᠲᠡᠷᠭᠡᠨ ᠵᠣᠭᠰᠣᠭᠠᠯ ᠪᠣᠢ᠂ ᠵᠢᠷᠤᠭ P1)  ᠲᠡᠭᠡᠷ᠎ᠡ ᠵᠤᠭᠰᠤᠭᠠᠬᠤ ᠭᠡᠷᠡᠭᠳᠡᠢ᠃ ᠰᠤᠶᠢᠳᠭᠡᠯ ᠬᠤᠷᠢᠶᠠᠬᠤ ᠲᠡᠷᠭᠡᠨ ᠵᠣᠭᠰᠣᠭᠠᠯ ᠤᠨ ᠰᠤᠶᠢᠳᠭᠡᠯ ᠬᠤᠷᠢᠶᠠᠬᠤ ᠪᠠᠷᠢᠮᠵᠢᠶ᠎ᠠ᠄ 30 ᠮᠢᠨᠦ᠋ᠲ ᠤᠨ ᠳᠣᠲᠣᠷ᠎ᠠ ᠰᠤᠶᠢᠳᠭᠡᠯ ᠬᠤᠷᠢᠶᠠᠬᠤ ᠥᠬᠡᠶ ᠪᠠᠷ ᠲᠡᠷᠭᠡ ᠵᠣᠭᠰᠣᠭᠠᠵᠤ ᠪᠤᠯᠤᠨ᠎ᠠ᠂ 30 ᠮᠢᠨᠦ᠋ᠲ ᠠᠴᠠ ᠬᠡᠲᠦᠷᠡᠪᠡᠯ ᠨᠢᠭᠡ ᠴᠠᠭ ᠢᠶᠠᠷ ᠪᠤᠳᠤᠨ  ᠰᠤᠶᠢᠳᠭᠡᠯ ᠬᠤᠷᠢᠶᠠᠨ᠎ᠠ᠂ ᠲᠡᠷᠭᠡ ᠵᠣᠭᠰᠣᠬᠤ ᠰᠤᠶᠢᠳᠭᠡᠯ ᠨᠢ 2 ᠲᠥᠭᠦᠷᠢᠭ \ ᠴᠠᠭ᠂ 15 ᠲᠥᠭᠦᠷᠢᠭ \ ᠡᠳᠦᠷ᠃ ᠬᠡᠷᠪᠡ ᠵᠠᠮ ᠤᠨ ᠬᠠᠵᠠᠭᠤ ᠵᠢᠴᠢ ᠲᠡᠷᠭᠡᠨ ᠵᠣᠭᠰᠣᠭᠠᠯ ᠠᠴᠠ ᠪᠤᠰᠤᠳ ᠭᠠᠵᠠᠷ ᠲᠤ ᠲᠡᠷᠭᠡ ᠪᠠᠨ ᠵᠣᠭᠰᠣᠭᠠᠪᠠᠯ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ 150 ᠲᠥᠭᠦᠷᠢᠭ ᠢᠶᠠᠷ ᠶᠠᠯᠠᠯᠠᠨ᠂ ᠵᠢᠯᠤᠭᠤᠴᠢ ᠶᠢᠨ ᠦᠨᠡᠮᠯᠡᠯ ᠠᠴᠠ 1 ᠬᠤᠪᠢ ᠬᠠᠰᠤᠨ᠎ᠠ ︵ᠵᠠᠮ ᠤᠨ ᠭᠠᠳᠠᠨᠠᠬᠢ ᠲᠡᠷᠭᠡ ᠵᠣᠭᠰᠣᠬᠤ ᠪᠠᠶᠢᠷᠢ ᠪᠢᠰᠢ ᠭᠠᠵᠠᠷ ᠲᠡᠷᠭᠡ ᠪᠠᠨ ᠵᠤᠭᠰᠤᠭᠠᠪᠠᠯ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ 20᠎ ᠠᠴᠠ 200 ᠲᠥᠭᠦᠷᠢᠭ ᠢᠶᠠᠷ ᠲᠣᠷᠭᠠᠬᠤ ᠶᠢᠨ ᠬᠠᠮᠲᠤ ᠮᠠᠰᠢᠨ ᠲᠡᠷᠭᠡ ᠶᠢ ᠴᠢᠷᠴᠦ ᠰᠢᠯᠵᠢᠭᠦᠯᠦᠨ᠎ᠡ︶᠃              
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ