ᠣᠶᠢᠷ᠎ᠠ ᠶᠢᠨ ᠵᠢᠯ ᠳᠤ᠂ ᠡᠵᠡᠨ ᠬᠤᠷᠤᠭ᠎ᠠ ᠬᠤᠰᠢᠭᠤ ᠬᠡᠷ ᠤᠨ ᠡᠭᠦᠳᠡᠨ ᠳᠠᠬᠢ ᠵᠣᠯ ᠵᠢᠷᠭᠠᠯᠲᠤ ︽ᠨᠠᠰᠤᠵᠢᠯ ᠤᠨ ᠠᠰᠠᠷᠠᠮᠵᠢ ᠶᠢᠨ ᠲᠣᠭᠤᠷᠢᠭ︾ ᠢ ᠪᠥᠬᠦ | ᠬᠦᠴᠦᠨ ᠢᠶᠠᠷ ᠢᠶᠠᠨ ᠪᠠᠶᠢᠭᠤᠯᠵᠤ᠂ ᠨᠠᠰᠤᠲᠠᠶᠢᠴᠤᠳ ᠤᠨ ᠬᠦᠷᠲᠡᠮᠵᠢ ᠶᠢᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠪᠠ ᠵᠤᠯ ᠵᠢᠷᠭᠠᠯᠲᠤ ᠲᠥᠷᠥᠭᠳᠡᠯ ᠢ | ᠲᠠᠰᠤᠷᠠᠯᠲᠠ ᠥᠬᠡᠶ ᠳᠡᠭᠡᠭᠰᠢᠯᠡᠭᠦᠯᠪᠡ᠃ | ᠣᠶᠢᠯᠠᠭᠠᠭᠰᠠᠨ ᠢᠶᠠᠷ᠂ ᠰᠤᠪᠤᠷᠭ᠎ᠠ ᠪᠠᠯᠭᠠᠰᠤᠨ ᠤ ᠬᠤᠲᠣᠩ ᠤᠨ ᠰᠦᠮ᠎ᠡ ᠭᠠᠴᠠᠭ᠎ᠠ ᠶᠢᠨ ᠪᠦᠬᠦᠯᠢ 60 ᠨᠠᠰᠤᠨ ᠠᠴᠠ ᠳᠡᠭᠡᠭᠰᠢᠬᠢ ᠨᠠᠰᠤᠳᠠᠶᠢᠴᠤᠳ 892 | ᠬᠥᠮᠦᠨ ᠪᠠᠶᠢᠵᠤ᠂ ᠡᠭᠦᠨ ᠳᠤ ᠥᠨᠥᠴᠢᠨ ᠪᠡᠯᠪᠡᠰᠦᠨ ᠨᠠᠰᠤᠲᠠᠨ 111 ᠬᠥᠮᠦᠨ ᠪᠣᠶ᠂ ᠪᠠᠯᠭᠠᠰᠤᠨ ᠤ ᠲᠣᠭᠤᠷᠢᠭ ᠤᠨ ᠨᠠᠰᠤᠲᠠᠶᠢᠴᠤᠳ ᠲᠤ ᠨᠠᠩ ᠰᠠᠶᠢᠲᠤᠷ | ᠤᠶᠢᠯᠡᠴᠢᠯᠡᠬᠦ ᠶᠢᠨ ᠲᠥᠯᠥᠭᠡ᠂ 2021 ᠣᠨ ᠳᠤ ᠡᠵᠡᠨ ᠬᠤᠷᠤᠭ᠎ᠠ ᠬᠤᠰᠢᠭᠤ ᠨᠠᠰᠤᠵᠢᠯ ᠤᠨ ᠠᠰᠠᠷᠠᠮᠵᠢ ᠶᠢᠨ ᠤᠶᠢᠯᠡᠴᠢᠯᠡᠭᠡᠨ ᠤ ᠥᠷᠲᠡᠭᠡ ᠪᠠᠶᠢᠭᠤᠯᠵᠤ᠂ | ᠬᠤᠲᠣᠩ ᠤᠨ ᠰᠦᠮ᠎ᠡ ᠭᠠᠴᠠᠭ᠎ᠠ᠂ ᠶᠠᠩ ᠵᠢᠶᠠ ᠬᠤᠤ ᠲᠣᠰᠬᠤᠨ᠂ ᠵᠠᠵᠠᠶ ᠶᠢᠨ ᠰᠦᠮ᠎ᠡ ᠲᠣᠰᠬᠤᠨ᠂ ᠠᠰᠠᠷ ᠤᠨ ᠰᠢᠯᠢ ᠲᠣᠰᠬᠤᠨ ᠵᠡᠷᠭᠡ 10 ᠭᠠᠴᠠᠭ᠎ᠠ | ᠲᠣᠰᠬᠤᠨ ᠢ ᠬᠠᠮᠤᠷᠴᠠᠶ᠃ ᠡᠭᠦᠨ ᠤ ᠬᠠᠮᠲᠤ 10 ᠭᠠᠴᠠᠭ᠎ᠠ ᠲᠣᠰᠬᠤᠨ ᠳᠤ ᠭᠠᠭᠴᠠ ᠪᠡᠶ᠎ᠡ᠂ ᠥᠨᠳᠥᠷ ᠨᠠᠰᠤᠲᠠᠶ᠂ ᠭᠠᠭᠴᠠᠭᠠᠷ ᠰᠠᠭᠤᠭ᠎ᠠ᠂ ᠴᠢᠳᠠᠪᠤᠷᠢ ᠪᠠᠨ | ᠠᠯᠳᠠᠭᠰᠠᠨ ᠨᠠᠰᠤᠲᠠᠶᠢᠴᠤᠳ ᠲᠤ ᠨᠢᠭᠡ ᠬᠥᠮᠦᠨ ᠳᠤ ᠨᠢᠭᠡ ᠲᠠᠩᠰᠠ ᠪᠠᠶᠢᠭᠤᠯᠵᠤ᠂ ᠬᠡᠷ ᠲᠤᠨᠢ ᠬᠦᠷᠴᠦ ᠦᠢᠯᠡᠴᠢᠯᠡᠵᠦ᠂ ᠡᠳᠦᠷ ᠲᠤᠲᠤᠮ ᠤᠨ ᠡᠷᠡᠭᠦᠯ | ᠮᠡᠨᠳᠦ ᠶᠢᠨ ᠬᠢᠨᠠᠨ ᠬᠡᠮᠵᠢᠯᠲᠡ ᠬᠢᠬᠦ᠂ ᠠᠯᠤᠰ ᠬᠡᠲᠦ ᠶᠢᠨ ᠤᠯᠠᠭᠠᠨ ᠤ ᠭᠠᠳᠠᠨᠠᠬᠢ ᠬᠥᠯ ᠵᠠᠰᠠᠯᠭ᠎ᠠ᠂ ᠴᠢᠰᠤᠨ ᠳᠠᠷᠤᠯᠲᠠ ᠶᠢᠨ ᠬᠢᠨᠠᠨ ᠬᠡᠮᠵᠢᠯᠲᠡ᠂ ᠬᠦᠵᠦᠭᠦᠨ | ᠬᠡᠰᠡᠭ ᠤᠨ ᠢᠯᠢᠯᠭᠡ᠂ ᠴᠢᠰᠤᠨ ᠰᠢᠬᠢᠷ ᠤᠨ ᠪᠠᠶᠢᠴᠠᠭᠠᠨ ᠬᠡᠮᠵᠢᠯᠲᠡ᠂ ᠴᠢᠰᠤᠨ ᠤ ᠬᠦᠴᠢᠯᠲᠥ᠋ᠷᠥᠭᠴᠢ ᠶᠢᠨ ᠪᠠᠶᠢᠴᠠᠭᠠᠨ ᠬᠡᠮᠵᠢᠯᠲᠡ ᠵᠡᠷᠭᠡ ᠤᠶᠢᠯᠡᠴᠢᠯᠡᠭᠡ ᠶᠢ | ᠬᠠᠩᠭᠠᠵᠤ᠂ ᠡᠬᠦᠨ ᠤ ᠬᠠᠮᠳᠤ ᠪᠠᠰᠠ ᠨᠠᠰᠤᠲᠠᠶᠢᠴᠤᠳ ᠲᠤ ᠰᠢᠯ ᠵᠦᠯᠭᠦᠬᠦ᠂ ᠭᠡᠷ ᠢ ᠨᠢ ᠴᠡᠪᠡᠷᠯᠡᠬᠦ᠂ ᠰᠡᠳᠬᠢᠯ ᠰᠠᠨᠠᠭ᠎ᠠ ᠶᠢ ᠨᠢ ᠲᠠᠶᠢᠳᠬᠤᠷᠠᠭᠤᠯᠬᠤ᠂ | ᠲᠥᠷᠥᠭᠰᠡᠨ ᠡᠳᠦᠷ ᠤᠨ ᠵᠥᠩᠨᠡᠯ ᠳᠡᠪᠰᠢᠭᠦᠯᠬᠦ ᠵᠡᠷᠭᠡ ᠤᠶᠢᠯᠡᠴᠢᠯᠡᠭᠡᠨ ᠤ ᠲᠥᠷᠥᠯ ᠵᠤᠶᠢᠯ ᠢ ᠬᠠᠩᠭᠠᠭᠰᠠᠨ ᠪᠠᠶᠢᠨ᠎ᠠ᠃ | ᠡᠵᠡᠨ ᠬᠤᠷᠤᠭ᠎ᠠ ᠬᠤᠰᠢᠭᠤ ᠨᠠᠰᠤᠲᠠᠶᠢᠴᠤᠳ ᠤᠨ ᠬᠠᠷᠢᠴᠠᠩᠭᠤᠶ ᠲᠦᠪᠯᠡᠷᠡᠨ ᠰᠠᠭᠤᠵᠤ ᠪᠠᠶᠢᠭ᠎ᠠ ᠲᠣᠭᠤᠷᠢᠭ ᠢᠶᠠᠷ ᠳᠠᠮᠵᠢᠭᠤᠯᠤᠨ᠂ ᠪᠠᠯᠭᠠᠰᠤ᠂ ᠭᠠᠴᠠᠭ᠎ᠠ ︵ | ᠲᠣᠰᠬᠤᠨ︶ ᠶᠢᠨ ᠨᠠᠮ ᠪᠠ ᠣᠯᠠᠨ ᠲᠦᠮᠡᠨ ᠤ ᠤᠶᠢᠯᠡᠴᠢᠯᠡᠭᠡᠨ ᠤ ᠲᠥᠪ ᠤᠨ ᠰᠠᠭᠤᠷᠢᠨ ᠭᠠᠵᠠᠷ ᠢ ᠠᠰᠢᠭᠯᠠᠨ ᠨᠠᠰᠤᠵᠢᠯ ᠤᠨ ᠤᠶᠢᠯᠡᠴᠢᠯᠡᠭᠡᠨ ᠤ ᠥᠷᠲᠡᠭᠡ ᠶᠢ | ᠪᠥᠲᠥᠭᠡᠨ ᠪᠠᠶᠢᠭᠤᠯᠵᠤ᠂ ᠨᠢᠭᠡ ᠲᠠᠯ᠎ᠠ ᠪᠠᠷ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ᠂ ᠪᠠᠯᠭᠠᠰᠤᠨ ᠤ ᠨᠡᠶᠢᠭᠡᠮ ᠤᠨ ᠠᠵᠢᠯ ᠤᠨ ᠥᠷᠲᠡᠭᠡ ᠪᠣᠯᠤᠨ | ᠰᠠᠶᠢᠨ ᠳᠤᠷᠠᠴᠤᠳ ᠲᠤ ᠲᠦᠰᠢᠭᠯᠡᠨ ᠡᠷᠬᠢᠨ ᠦᠵᠡᠵᠤ ᠬᠠᠶᠢᠷ᠎ᠠ ᠬᠠᠯᠠᠮᠵᠢ ᠬᠦᠷᠭᠡᠬᠦ ᠪᠠ ᠬᠥᠷᠰᠢ ᠵᠡᠷᠭᠡᠯᠡᠳᠡᠭᠡ ᠪᠠᠷ ᠢᠶᠠᠨ ᠬᠠᠷᠢᠯᠴᠠᠨ ᠬᠠᠪᠰᠤᠷᠤᠯᠴᠠᠬᠤ | ᠤᠶᠢᠯᠡᠴᠢᠯᠡᠭᠡ ᠦᠷᠨᠢᠬᠦᠯᠵᠦ᠂ ᠨᠥᠭᠦᠭᠡ ᠲᠠᠯ᠎ᠠ ᠪᠠᠷ ᠵᠠᠰᠠᠭ ᠤᠨ ᠣᠷᠳᠣᠨ ᠤᠶᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠠᠮᠵᠢᠭᠤᠯᠤᠨ | ᠤᠶᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠵᠦ᠂ ︽ᠵᠢᠷᠭᠤᠭ᠎ᠠ ᠶᠢ ᠲᠤᠰᠠᠯᠠᠵᠤ ᠨᠢᠭᠡ ᠶᠢ ᠠᠰᠠᠷᠠᠬᠤ︾ ᠪᠠ ᠬᠡᠷ ᠲᠤᠨᠢ ᠬᠦᠷᠴᠦ ᠬᠠᠷᠠᠭᠠᠯᠵᠠᠨ ᠠᠰᠠᠷᠠᠬᠤ ᠵᠡᠷᠭᠡ | ᠨᠠᠰᠤᠵᠢᠯ ᠤᠨ ᠲᠤᠰᠬᠠᠶ ᠤᠶᠢᠯᠡᠴᠢᠯᠡᠭᠡ ᠬᠠᠩᠭᠠᠵᠤ᠂ ᠮᠠᠯᠵᠢᠬᠤ ᠲᠠᠷᠢᠶᠠᠯᠠᠬᠤ ᠣᠷᠣᠨ ᠤ ᠨᠠᠰᠤᠲᠠᠶᠢᠴᠤᠳ ᠲᠤ ᠬᠤᠲᠠ ᠪᠠᠯᠭᠠᠰᠤ ᠶᠢᠨ ᠨᠠᠰᠤᠲᠠᠶᠢᠴᠤᠳ ᠲᠠᠢ | ᠠᠳᠠᠯᠢᠬᠠᠨ ᠬᠡᠷ ᠲᠡᠭᠡᠨ ᠰᠠᠭᠤᠵᠤ ᠪᠠᠶᠢᠭᠠᠳ ᠤᠶᠢᠯᠡᠴᠢᠯᠡᠭᠡ ᠬᠦᠷᠲᠡᠭᠡᠵᠦ᠂ ᠨᠠᠰᠤᠲᠠᠶᠢᠴᠤᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ | ᠨᠡᠮᠡᠭᠳᠡᠬᠦᠯᠪᠡ᠃ | ᠣᠳᠣᠬᠠᠨ ᠳᠤ᠂ ᠡᠵᠡᠨ ᠬᠤᠷᠤᠭ᠎ᠠ ᠬᠤᠰᠢᠭᠤᠨ ᠤ 60 ᠨᠠᠰᠤ ᠵᠢᠴᠢ ᠲᠡᠭᠦᠨ ᠠᠴᠠ ᠳᠡᠭᠡᠭᠰᠢᠬᠢ ᠨᠠᠰᠤᠳᠠᠶᠢᠴᠤᠳ 37469 ᠪᠠᠶᠢᠵᠤ᠂ ᠪᠥᠬᠦ ᠬᠥᠮᠦᠨ | ᠠᠮᠠ ᠶᠢᠨ 15 . 11 % ᠶᠢ ᠡᠵᠡᠯᠡᠵᠦ ᠪᠠᠶᠢᠨ᠎ᠠ᠃ 65 ᠨᠠᠰᠤ ᠵᠢᠴᠢ ᠲᠡᠭᠦᠨ ᠠᠴᠠ ᠳᠡᠭᠡᠭᠰᠢᠬᠢ ᠨᠠᠰᠤᠳᠠᠶᠢᠴᠤᠳ 24113 ᠪᠠᠶᠢᠵᠤ᠂ 9 . 72 % ᠢ | ᠡᠵᠡᠯᠡᠵᠦ ᠪᠤᠢ᠃ ᠣᠶᠢᠷ᠎ᠠ ᠶᠢᠨ ᠵᠢᠯ ᠠᠴᠠ ᠨᠠᠭᠠᠰᠢ᠂ ᠡᠵᠡᠨ ᠬᠤᠷᠤᠭ᠎ᠠ ᠬᠤᠰᠢᠭᠤᠨ ᠤ ᠡᠷᠡᠭᠦᠯ ᠮᠡᠨᠳᠦ ᠨᠠᠰᠤᠵᠢᠯ ᠤᠨ ᠠᠰᠠᠷᠠᠮᠵᠢ ᠨᠢ ᠣᠷᠣᠬᠤ ᠶᠢ ᠵᠥᠪᠰᠢᠶᠡᠷᠡᠬᠦ᠂ | ᠡᠳ᠋ ᠤᠨ ᠵᠠᠰᠠᠭ ᠠᠴᠠ ᠲᠡᠳᠬᠦᠨ ᠳᠡᠮᠵᠢᠬᠦ᠂ ᠭᠠᠵᠠᠷ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ᠂ ᠡᠬᠢ ᠪᠠᠶᠠᠯᠢᠭ ᠢ ᠠᠮᠢᠳᠤᠯᠢᠭ ᠪᠣᠯᠭᠠᠬᠤ᠂ ᠲᠠᠪᠴᠠᠩ ᠤᠨ ᠪᠠᠶᠢᠭᠤᠯᠤᠯᠲᠠ | ᠪᠠ ᠡᠩᠨᠡᠭᠡ ᠶᠢ ᠴᠣᠭᠴᠠᠯᠠᠬᠤ ᠵᠡᠷᠭᠡ ᠣᠯᠠᠨ ᠲᠠᠯ᠎ᠠ ᠪᠠᠷ ᠠᠵᠢᠯ ᠤᠨ ᠰᠡᠳᠬᠢᠮᠵᠢ ᠪᠠᠨ ᠲᠠᠰᠤᠷᠠᠯᠲᠠ ᠥᠬᠡᠶ ᠰᠢᠨᠡᠴᠢᠯᠡᠵᠦ᠂ ︽ᠬᠡᠷ ᠲᠡᠭᠡᠨ ᠰᠠᠭᠤᠬᠤ᠂ ᠨᠡᠶᠢᠭᠡᠮ | ᠲᠣᠭᠤᠷᠢᠭ ᠲᠤ ᠰᠠᠭᠤᠬᠤ᠂ ᠪᠠᠶᠢᠭᠤᠯᠤᠮᠵᠢ ᠶᠢ ᠬᠠᠷᠢᠯᠴᠠᠨ ᠵᠣᠬᠢᠴᠠᠭᠤᠯᠬᠤ᠂ ᠡᠮᠴᠢᠯᠡᠭᠡ ᠰᠤᠪᠢᠯᠠᠯᠲᠠ ᠡᠷᠡᠭᠦᠯᠵᠢᠯ ᠰᠤᠪᠢᠯᠠᠯᠲᠠ ᠶᠢ ᠬᠠᠷᠢᠯᠴᠠᠨ ᠤᠶᠠᠯᠳᠤᠭᠤᠯᠬᠤ︾ | ᠣᠯᠠᠨ ᠡᠰᠢᠵᠢᠭ᠍ᠰᠡᠨ᠂ ᠵᠢᠷᠤᠮᠵᠢᠭᠰᠠᠨ ᠨᠠᠰᠤᠵᠢᠯ ᠤᠨ ᠠᠰᠠᠷᠠᠮᠵᠢ ᠶᠢᠨ ᠤᠶᠢᠯᠡᠴᠢᠯᠡᠭᠡᠨ ᠤ ᠰᠢᠰᠲ᠋ᠧᠮ ᠢ ᠠᠯᠬᠤᠮ ᠠᠯᠬᠤᠮ ᠢᠶᠠᠷ ᠪᠦᠷᠢᠯᠳᠦᠭᠦᠯᠪᠡ᠃ | |