ᠡᠵᠡᠨ ᠬᠤᠷᠤᠭ᠎ᠠ ᠬᠤᠰᠢᠭᠤ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠳᠠ  ᠶᠢ ᠢᠳᠡᠪᠬᠢᠲᠡᠢ ᠲᠡᠬᠦᠯᠳᠡᠷᠵᠢᠬᠦᠯᠵᠦ  ᠪᠤᠢ
ᠨᠡᠶᠢᠲᠡᠯᠡᠭᠰᠡᠨ ᠴᠠᠭ᠄
2024/5/24
      ᠡᠵᠡᠨ ᠬᠤᠷᠤᠭ᠎ᠠ ᠬᠤᠰᠢᠭᠤ ᠦᠨᠡᠨᠴᠢ ᠢᠲᠡᠭᠡᠮᠵᠢᠲᠡᠶ ᠰᠢᠯᠢᠳᠡᠭ ᠤᠯᠠᠮᠵᠢᠯᠠᠯ ᠢ ᠪᠠᠳᠠᠷᠠᠭᠤᠯᠤᠨ ᠰᠠᠨᠠᠭᠠᠴᠢᠯᠠᠬᠤ ᠶᠢᠨ ᠲᠥᠯᠥᠭᠡ᠂ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠴᠢᠨᠠᠷ ᠰᠠᠶᠢᠲᠠᠶ ᠬᠥᠭᠵᠢᠯᠲᠡ ᠶᠢᠨ ᠪᠥᠬᠦ ᠲᠠᠯ᠎ᠠ ᠳᠤ ᠰᠠᠭᠤᠷᠢᠯᠠᠨ᠂ ︽ᠡᠵᠡᠨ ᠬᠤᠷᠤᠭ᠎ᠠ ᠬᠤᠰᠢᠭᠤᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠦᠯ︾᠎ ᠢ ᠳᠠᠷᠤᠮᠠᠯᠯᠠᠨ ᠲᠠᠷᠬᠠᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠲᠡᠭᠡᠮᠵᠢ ᠶᠢᠨ ᠬᠢᠨᠠᠨ ᠬᠡᠮᠵᠢᠯᠲᠡ ᠶᠢᠨ ︽ᠰᠠᠷ᠎ᠠ ᠶᠢᠨ ᠲᠣᠬᠢᠷᠠᠭᠤᠯᠤᠯᠲᠠ︾᠎ ᠶᠢᠨ ᠰᠢᠰᠲ᠋ᠧᠮ᠂ ᠤᠯᠤᠰ ᠤᠨ ᠢᠲᠡᠭᠡᠮᠵᠢ ᠶᠢᠨ ᠬᠢᠨᠠᠨ ᠬᠡᠮᠵᠢᠯᠲᠡ ᠶᠢᠨ ᠰᠢᠰᠲ᠋ᠧᠮ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠰᠢᠰᠲ᠋ᠧᠮ᠂ ᠡᠵᠡᠨ ᠬᠤᠷᠤᠭ᠎ᠠ ᠬᠤᠰᠢᠭᠤᠨ ᠤ ᠢᠲᠡᠭᠡᠮᠵᠢ ᠶᠢᠨ ᠰᠦᠯᠵᠢᠶ᠎ᠡ᠂ ᠣᠷᠳᠣᠰ ᠬᠤᠲᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ ᠎ ᠳᠤ ᠴᠢᠮᠡᠭᠡ ᠵᠠᠡᠬᠢ ᠶᠢ  ᠪᠠᠶᠢᠩᠭᠤᠵᠢᠭᠤᠯᠤᠨ ᠰᠢᠨᠡᠳᠬᠡᠵᠦ ᠲᠠᠭᠯᠠᠨ ᠮᠡᠳᠡᠭᠦᠯᠬᠦ ᠶᠢᠨ ᠬᠠᠮᠲᠤ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ︽ᠬᠤᠶᠠᠷ ᠢ ᠢᠯᠡ ᠨᠡᠶᠢᠲᠡᠯᠡᠬᠦ︾ ᠮᠡᠳᠡᠭᠡ ᠵᠠᠩᠭᠢ ᠶᠢᠨ ᠰᠢᠰᠲ᠋ᠧᠮ ᠳᠤ  ᠮᠡᠳᠡᠬᠦᠯᠦᠨ ᠲᠠᠭᠯᠠᠭᠤᠯᠵᠤ ᠪᠤᠢ᠂  ᠤᠳᠤᠬᠠᠨ ᠪᠣᠯᠲᠠᠯ᠎ᠠ᠂ ᠲᠠᠩᠰᠠᠨ ᠳᠤ ᠪᠠᠶᠢᠬᠤ ᠠᠵᠤ ᠠᠬᠤᠶᠢᠯᠠᠯ ᠤᠨ ︽ᠢᠲᠡᠭᠡᠮᠵᠢᠲᠦ ᠵᠢᠭᠡᠯᠡᠯᠭᠡ︾᠎ ᠶᠢᠨ ᠳᠠᠩᠰᠠᠯᠠᠯᠲᠠ ᠶᠢᠨ ᠮᠡᠳᠡᠭᠡ ᠵᠠᠩᠭᠢ ᠶᠢ 2318 ᠵᠦᠢᠯ ᠢ ᠪᠡᠶᠡᠯᠡᠬᠦᠯᠵᠦ᠂ ᠢᠳᠡᠭᠡᠮᠵᠢ ᠶᠢᠨ ᠮᠡᠳᠡᠭᠡ ᠵᠠᠩᠭᠢ ᠶᠢᠨ ᠮᠡᠳᠡᠭᠦᠯᠦᠯᠲᠡ ᠶᠢ 58 ᠵᠦᠢᠯ ᠪᠠᠶᠢᠴᠠᠭᠠᠨ ᠯᠠᠪᠯᠠᠵᠤ᠂ ᠡᠭᠦᠨ ᠳᠤ ᠤᠯᠠᠭᠠᠨ ᠨᠡᠷᠡᠰ ᠤᠨ ᠮᠡᠳᠡᠭᠡ ᠵᠠᠩᠭᠢ 21 ᠵᠦᠢᠯ᠂ ᠵᠠᠰᠠᠭ ᠵᠠᠬᠢᠷᠭᠠᠨ ᠤ ᠰᠢᠢᠳᠬᠡᠯ ᠤᠨ ᠮᠡᠳᠡᠭᠡ ᠵᠠᠩᠭᠢ 13 ᠵᠦᠢᠯ ᠪᠠᠶᠢᠨ᠎ᠠ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ