ᠦ᠋ ᠶᠦᠨ ︽ᠭᠤᠷᠪᠠᠨ ᠵᠦᠢᠯ ᠤᠨ ᠠᠵᠢᠯ︾᠎ ᠢ ᠨᠢᠭᠡ ᠴᠣᠭᠴᠠᠵᠢᠭᠤᠯᠤᠨ ᠠᠬᠢᠭᠤᠯᠬᠤ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/28
      5 ᠰᠠᠷ᠎ᠠ ᠶᠢᠨ 23᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠦ᠋ ᠶᠦᠨ ︽ᠭᠤᠷᠪᠠᠨ ᠵᠦᠢᠯ ᠤᠨ ᠠᠵᠢᠯ︾᠎ ᠢ ᠨᠢᠭᠡ ᠴᠣᠭᠴᠠᠵᠢᠭᠤᠯᠤᠨ ᠠᠬᠢᠭᠤᠯᠬᠤ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠳᠡᠭᠡᠳᠦ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠠᠮᠢᠶ᠎ᠠ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠪᠥᠬᠦ ᠬᠤᠰᠢᠭᠤᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠡᠦ ᠶᠦᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠪᠣᠯ ᠨᠠᠮ ᠤᠨ ᠲᠥᠪ ᠬᠤᠷᠢᠶ᠎ᠠ ᠠᠴᠠ ᠭᠠᠷᠭᠠᠭᠰᠠᠨ ᠴᠢᠬᠤᠯᠠ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠮᠥᠨ᠂ ᠣᠳᠣᠬᠠᠨ ᠤ ᠡᠷᠬᠡᠪᠰᠢ ᠰᠠᠶᠢᠲᠤᠷ ᠠᠳᠬᠤᠬᠤ ᠤᠯᠤᠰ ᠲᠦᠷᠦ ᠶᠢᠨ ᠡᠭᠦᠷᠭᠡ ᠮᠥᠨ᠃ ᠡᠨᠡ ᠭᠤᠷᠪᠠᠨ ᠵᠦᠢᠯ ᠤᠨ ᠠᠵᠢᠯ ᠤᠨ ᠬᠤᠭᠤᠷᠣᠨᠳᠣ ᠳᠡᠭᠡᠳᠦ ᠬᠡᠮᠵᠢᠶ᠎ᠡ ᠪᠠᠷ ᠬᠤᠯᠪᠣᠭᠠᠯᠠᠵᠤ᠂ ᠬᠠᠷᠢᠯᠴᠠᠨ ᠨᠥᠯᠥᠭᠡᠯᠡᠵᠦ᠂ ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠱᠠᠲᠤᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠡᠨᠡ ᠭᠤᠷᠪᠠᠨ ᠵᠦᠢᠯ ᠤᠨ ᠠᠵᠢᠯ ᠢ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠯᠤᠭ᠎ᠠ ᠠᠭᠤᠰᠤᠯᠴᠠᠭᠤᠯᠵᠤ᠂ ᠨᠢᠭᠡᠳᠦᠯᠲᠡᠶ ᠲᠣᠬᠢᠷᠠᠭᠤᠯᠵᠤ᠂ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠶ᠃      ᠡᠦ ᠶᠦᠨ᠂ ᠠᠵᠢᠯ ᠢ ᠠᠬᠢᠭᠤᠯᠬᠤ ᠲᠠᠯ᠎ᠠ ᠪᠠᠷ ᠨᠡᠪᠲᠡᠷᠡᠭᠦᠯᠵᠦ᠂ ᠨᠠᠮ ᠤᠨ ᠬᠤᠷᠢᠶ᠎ᠠ ᠠᠴᠠ ᠨᠢᠭᠡᠳᠦᠯᠲᠡᠢ ᠬᠠᠮᠢᠶᠠᠷᠬᠤ᠂ ᠡᠭᠦᠷᠭᠡ ᠶᠢ ᠨᠢᠭᠡᠳᠦᠯᠲᠡᠢ ᠠᠬᠢᠭᠤᠯᠬᠤ᠂ ᠡᠬᠢ ᠪᠠᠶᠠᠯᠢᠭ ᠢ ᠨᠢᠭᠡᠳᠦᠯᠲᠡᠢ ᠨᠡᠶᠢᠳᠬᠡᠬᠦ ᠶᠢ ᠪᠠᠷᠢᠮᠲᠠᠯᠠᠵᠤ᠂ ᠡᠨᠡ ᠭᠤᠷᠪᠠᠨ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ ᠨᠢᠭᠡᠳᠦᠯᠲᠡᠢ ᠲᠥᠯᠥᠪᠵᠢᠭᠦᠯᠦᠨ ᠠᠳᠬᠤᠵᠤ᠂ ᠠᠵᠢᠯ ᠤᠨ ᠶᠠᠪᠤᠴᠠ ᠶᠢ ᠬᠠᠮᠤᠭ ᠤᠨ ᠶᠡᠭᠡ ᠬᠡᠮᠵᠢᠶ᠎ᠡ ᠪᠠᠷ ᠰᠢᠯᠢᠳᠡᠭᠵᠢᠭᠦᠯᠵᠦ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠡᠯ᠎ᠡ ᠵᠦᠢᠯ ᠤᠨ ᠠᠵᠢᠯ ᠤᠨ ᠨᠡᠩ ᠶᠡᠭᠡ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠠᠯ᠎ᠠ ᠪᠠᠷ ᠨᠡᠪᠲᠡᠷᠡᠭᠦᠯᠵᠦ᠂ ᠭᠤᠷᠪᠠᠨ ᠵᠦᠢᠯ ᠤᠨ ᠠᠵᠢᠯ ᠤᠨ ᠳᠤᠮᠳᠠ ᠢᠯᠡᠷᠡᠭᠦᠯᠦᠭᠰᠡᠨ ᠠᠰᠠᠭᠤᠳᠠᠯ ᠎ ᠤᠨ ᠨᠠᠷᠢᠨ ᠲᠠᠩᠰᠠ ᠶᠢ ᠬᠤᠷᠢᠶᠠᠩᠭᠤᠶᠢᠯᠠᠨ᠂ ︽ᠬᠠᠭᠤᠳᠠᠰᠤ ᠲᠣᠮᠢᠯᠠᠵᠤ︾ ᠴᠠᠭ ᠬᠢᠵᠠᠭᠠᠷᠯᠠᠨ ᠰᠢᠢᠳᠪᠦᠷᠢᠯᠡᠵᠦ ᠳᠠᠭᠤᠰᠬᠠᠨ᠂ ᠰᠦᠪᠡᠭᠴᠢ ᠶᠢ ᠬᠠᠮᠲᠤ ᠪᠠᠷ ᠬᠡᠷᠡᠭᠯᠡᠬᠦ᠂ ᠠᠰᠠᠭᠤᠳᠠᠯ ᠢ ᠬᠠᠮᠲᠤ ᠪᠠᠷ ᠪᠠᠶᠢᠴᠠᠭᠠᠬᠤ᠂ ᠴᠡᠭᠴᠡᠯᠡᠨ ᠰᠠᠶᠢᠵᠢᠷᠠᠭᠤᠯᠵᠤ ᠬᠠᠮᠲᠤ ᠪᠠᠷ ᠠᠳᠬᠤᠬᠤ᠂ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠭᠤᠷᠪᠠᠨ  ᠵᠦᠢᠯ ᠤᠨ ᠠᠵᠢᠯ ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ᠂ ᠠᠳᠠᠯᠢ ᠲᠥᠷᠥᠯ ᠤᠨ ᠠᠰᠠᠭᠤᠳᠠᠯ ᠢ ᠵᠡᠷᠭᠡ ᠪᠠᠷ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠲᠠᠯ᠎ᠠ ᠪᠠᠷ ᠨᠡᠪᠲᠡᠷᠡᠭᠦᠯᠵᠦ᠂ ᠨᠡᠶᠢᠲᠡᠯᠢᠭ ᠬᠡᠷᠡᠭ ᠢ ᠴᠠᠭ ᠲᠤᠬᠠᠢ ᠳᠤᠨᠢ ᠵᠠᠷᠯᠠᠨ ᠮᠡᠳᠡᠭᠳᠡᠵᠦ᠂ ᠳᠡᠷᠭᠡᠳᠡᠬᠢ ᠶᠠᠪᠤᠳᠠᠯ ᠢᠶᠠᠷ ᠢᠶᠠᠨ ᠳᠡᠷᠭᠡᠳᠡᠬᠢ ᠬᠥᠮᠦᠰ ᠢᠶᠠᠨ ᠬᠥᠮᠦᠵᠢᠭᠦᠯᠬᠦ ᠨᠡᠶᠢᠲᠡᠯᠢᠭ ᠴᠢᠨᠠᠷᠲᠠᠢ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠵᠤ᠂ ᠬᠡᠷᠡᠭ ᠢᠶᠠᠷ ᠰᠤᠷᠤᠯᠴᠠᠯᠭ᠎ᠠ ᠶᠢ ᠠᠬᠢᠭᠤᠯᠵᠤ᠂ ᠪᠣᠯᠪᠠᠰᠤᠷᠠᠯ ᠢᠶᠠᠷ ᠰᠤᠷᠤᠯᠭ᠎ᠠ ᠶᠢ ᠲᠡᠳᠬᠦᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠥᠪᠡᠷ ᠢ ᠪᠠᠨ ᠰᠡᠷᠡᠮᠵᠢᠯᠡᠭᠦᠯᠵᠦ᠂ ᠪᠡᠶ᠎ᠡ ᠪᠠᠨ ᠲᠤᠩᠭᠠᠵᠤ᠂ ᠪᠣᠯᠭᠤᠮᠵᠢᠲᠠᠢ ᠪᠠᠶᠢᠬᠤ ᠬᠡᠷᠡᠭᠲᠡᠢ᠃      ᠬᠤᠷᠠᠯ ᠠᠴᠠ ᠪᠠᠰᠠ ᠣᠯᠠᠨ ᠲᠦᠮᠡᠨ ᠤ ᠣᠷᠣᠨ ᠰᠠᠭᠤᠴᠠ ᠶᠢᠨ ᠦᠨᠡᠮᠯᠡᠯ ᠠᠪᠬᠤ ᠳᠤ ᠬᠦᠴᠢᠷᠲᠡᠶ ᠪᠠᠶᠢᠬᠤ ᠲᠤᠰᠬᠠᠶ ᠴᠡᠭᠴᠡᠯᠡᠨ ᠵᠠᠰᠠᠬᠤ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠠᠮᠢᠶ᠎ᠠ ᠪᠥᠬᠦᠶ ᠤᠳᠤᠷᠢᠳᠤᠯᠭ᠎ᠠ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ