ᠡᠵᠡᠨ ᠬᠤᠷᠤᠭ᠎ᠠ ᠬᠤᠰᠢᠭᠤᠨ ᠤ ᠢᠳᠡᠭᠡᠨ ᠤᠮᠳᠠᠭᠠᠨ ᠡᠮ ᠤᠨ ᠵᠤᠶᠢᠯᠡᠰ ᠤᠨ ᠠᠮᠤᠷ ᠲᠦᠪᠰᠢᠨ ᠤ ᠵᠥᠪᠯᠡᠯ ᠤᠨ ᠪᠥᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/30
      5 ᠳ᠋ᠤᠭᠠᠷ ᠰᠠᠷ᠎ᠠ ᠶᠢᠨ 28᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ᠂ ᠬᠤᠰᠢᠭᠤᠨ ᠤ ᠢᠳᠡᠭᠡᠨ ᠤᠮᠳᠠᠭᠠᠨ ᠡᠮ ᠤᠨ ᠵᠤᠶᠢᠯᠡᠰ ᠤᠨ ᠠᠮᠤᠷ ᠲᠦᠪᠰᠢᠨ ᠤ ᠵᠥᠪᠯᠡᠯ ᠤᠨ ᠡᠷᠬᠢᠯᠡᠭᠴᠢ ᠴᠢᠶᠣᠤ ᠰᠢᠶᠤᠤ ᠵᠢᠶᠦ᠋ᠨ ᠡᠵᠡᠨ ᠬᠤᠷᠤᠭ᠎ᠠ ᠬᠤᠰᠢᠭᠤᠨ ᠤ ᠢᠳᠡᠭᠡᠨ ᠤᠮᠳᠠᠭᠠᠨ ᠡᠮ ᠤᠨ ᠵᠤᠶᠢᠯᠡᠰ ᠤᠨ ᠠᠮᠤᠷ ᠲᠦᠪᠰᠢᠨ ᠤ ᠵᠥᠪᠯᠡᠯ ᠤᠨ ᠪᠥᠬᠦᠳᠡ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠰᠢᠭᠤᠨ ᠤ ᠢᠳᠡᠭᠡᠨ ᠤᠮᠳᠠᠭᠠᠨ ᠡᠮ ᠤᠨ ᠵᠤᠶᠢᠯᠡᠰ ᠤᠨ ᠠᠮᠤᠷ ᠲᠦᠪᠰᠢᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ ᠪᠠᠶᠢᠳᠠᠯ ᠪᠠ ᠣᠷᠣᠰᠢᠵᠤ ᠪᠠᠶᠢᠭ᠎ᠠ ᠠᠰᠠᠭᠤᠳᠠᠯ ᠳᠤ ᠵᠠᠳᠠᠯᠤᠯᠲᠠ ᠬᠢᠵᠦ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠪᠠᠶᠢᠷᠢᠯᠠᠭᠤᠯᠪᠠ᠃      ᠬᠤᠷᠠᠯ ᠠᠴᠠ᠂ ᠬᠤᠰᠢᠭᠤᠨ ᠤ ᠢᠳᠡᠭᠡᠨ ᠤᠮᠳᠠᠭᠠᠨ ᠡᠮ ᠤᠨ ᠵᠤᠶᠢᠯᠡᠰ ᠤᠨ ᠠᠮᠤᠷ ᠲᠦᠪᠰᠢᠨ ᠤ ᠵᠥᠪᠯᠡᠯ ᠨᠢ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ︽ᠳᠥᠷᠪᠡᠨ ᠬᠠᠮᠤᠭ ᠤᠨ ᠴᠢᠩᠭ᠎ᠠ︾᠎ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠢᠳᠡᠭᠡᠨ ᠤᠮᠳᠠᠭᠠᠨ ᠡᠮ ᠤᠨ ᠵᠤᠶᠢᠯᠡᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠪᠥᠬᠦ ᠬᠤᠰᠢᠭᠤᠨ ᠤ ᠢᠳᠡᠭᠡᠨ ᠤᠮᠳᠠᠭᠠᠨ ᠡᠮ ᠤᠨ ᠵᠤᠶᠢᠯᠡᠰ ᠤᠨ ᠠᠮᠤᠷ ᠲᠦᠪᠰᠢᠨ ᠤ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠰᠢᠰᠲ᠋ᠧᠮ ᠤᠨ ᠴᠢᠨᠠᠷᠲᠠᠶ᠂ ᠣᠷᠣᠨ ᠪᠦᠰᠡ ᠶᠢᠨ ᠴᠢᠨᠠᠷᠲᠠᠶ ᠢᠳᠡᠭᠡᠨ ᠤᠮᠳᠠᠭᠠᠨ ᠡᠮ ᠤᠨ ᠵᠤᠶᠢᠯᠡᠰ ᠤᠨ ᠠᠮᠤᠷ ᠲᠦᠪᠰᠢᠨ ᠤ ᠠᠶᠤᠯ ᠲᠦᠭᠰᠢᠭᠦᠷᠢ ᠥᠯᠥ ᠭᠠᠷᠭᠠᠬᠤ ᠠᠵᠢᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠭᠡᠷᠡᠭᠳᠡᠢ  ᠭᠡᠪᠡ᠃       ᠬᠤᠷᠠᠯ ᠠᠴᠠ᠂ ᠡᠯ᠎ᠡ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ ᠬᠠᠷᠢᠭᠤᠴᠠᠯᠭᠠᠲᠤ ᠰᠡᠳᠬᠢᠯᠭᠡ ᠪᠠᠷ ᠢᠳᠡᠭᠡᠨ  ᠤᠮᠳᠠᠭᠠᠨ ᠡᠮ ᠤᠨ ᠵᠦᠢᠯᠡᠰ ᠤᠨ ᠠᠮᠤᠷ ᠲᠦᠪᠰᠢᠨ ᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠢᠶᠠᠨ ᠤ ᠱᠠᠲᠤᠨ ᠤ ᠤᠳᠤᠷᠢᠳᠤᠯᠭ᠎ᠠ ᠲᠠᠭᠠᠭᠠᠴᠢᠯᠠᠨ ᠪᠠᠳᠤᠯᠠᠬᠤ ᠬᠠᠷᠢᠭᠤᠴᠠᠯᠭ᠎ᠠ ᠶᠢ ᠲᠦᠷᠦᠭᠦᠯᠡᠨ ᠭᠦᠢᠴᠡᠳᠬᠡᠵᠦ᠂ ᠡᠯ᠎ᠡ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠬᠠᠷᠢᠶ᠎ᠠ ᠣᠷᠣᠨ ᠤ ᠬᠠᠮᠢᠶᠠᠷᠤᠯᠲᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠵᠦ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠡᠬᠢ ᠡᠭᠦᠰᠦᠯ ᠠᠴᠠ ᠨᠢ ᠴᠢᠩᠭ᠎ᠠ ᠰᠡᠷᠭᠡᠶᠢᠯᠡᠬᠦ᠂ ᠶᠠᠪᠤᠴᠠ ᠶᠢ ᠴᠢᠩᠭ᠎ᠠ ᠬᠠᠮᠢᠶᠠᠷᠬᠤ᠂ ᠪᠦᠬᠦ ᠶᠠᠪᠤᠴᠠ ᠶᠢ ᠨᠡᠬᠡᠮᠵᠢᠯᠡᠵᠦ ᠪᠣᠯᠬᠤ᠂ ᠲᠦᠭᠰᠢᠭᠦᠷᠢ ᠶᠢ ᠴᠢᠩᠭ᠎ᠠ  ᠡᠵᠡᠮᠳᠡᠵᠦ ᠪᠤᠯᠬᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮ ᠢ ᠲᠦᠷᠭᠡᠨ ᠪᠠᠶᠢᠭᠤᠯᠬᠤ ᠬᠡᠷᠡᠭᠲᠡᠢ᠃ ᠬᠠᠤᠯᠢ ᠠᠴᠠ ᠵᠥᠷᠢᠴᠡᠭᠰᠡᠨ ᠤᠶᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠮᠲᠤᠷᠠᠨ ᠬᠠᠮᠢᠶᠠᠷᠴᠤ ᠬᠠᠤᠯᠢ ᠬᠡᠷᠡᠭᠵᠢᠭᠦᠯᠬᠦ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠲᠠᠯᠠᠪᠤᠷ ᠭᠠᠵᠠᠷ᠂ ᠪᠠᠷᠢᠯᠭ᠎ᠠ ᠶᠢᠨ ᠭᠠᠵᠠᠷ᠂  ᠵᠠᠬᠢᠶᠠᠯᠠᠭ᠎ᠠ ᠶᠢᠨ ᠬᠤᠭᠤᠯᠠᠨ ᠤ ᠲᠠᠪᠴᠠᠩ ᠵᠡᠷᠭᠡ ᠰᠢᠨ᠎ᠡ ᠠᠵᠢᠯ ᠲᠥᠷᠥᠯ ᠰᠢᠨ᠎ᠡ ᠵᠠᠭᠪᠤᠷ ᠤᠨ ᠬᠢᠨᠠᠯᠲᠠ ᠬᠠᠮᠢᠶᠠᠷᠤᠯᠲᠠ ᠶᠢ ᠨᠡᠶᠢᠳᠡᠮ ᠬᠡᠷᠡᠭᠵᠢᠭᠦᠯᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ  ᠤᠶᠢᠯᠡ ᠠᠵᠢᠯᠯᠠᠭ᠎ᠠ ᠶᠢ ᠵᠠᠯᠬᠠᠭᠠᠨ ᠰᠢᠳᠬᠡᠬᠦ ᠳᠤ ᠴᠢᠩᠭ᠎ᠠ ᠴᠣᠬᠢᠯᠲᠠ ᠦᠭᠬᠦ ᠭᠡᠷᠡᠭᠳᠡᠢ᠃ ᠤᠬᠠᠭᠤᠯᠤᠨ ᠢᠯᠡᠴᠢᠯᠡᠬᠦ ᠡᠷᠴᠢᠮ ᠢᠶᠠᠨ ᠴᠢᠩᠭᠠᠷᠠᠭᠤᠯᠵᠤ᠂ ᠢᠳᠡᠭᠡᠨ ᠤᠮᠳᠠᠭᠠᠨ ᠡᠮ ᠤᠨ ᠵᠤᠶᠢᠯᠡᠰ ᠤᠨ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ᠂ ᠢᠳᠡᠭᠡᠨ ᠤᠮᠳᠠᠭᠠᠨ ᠡᠮ ᠤᠨ ᠵᠤᠶᠢᠯᠡᠰ ᠤᠨ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠶᠡᠬᠡᠪᠡᠷ ᠤᠬᠠᠭᠤᠯᠵᠤ᠂ ᠢᠳᠡᠭᠡᠨ ᠤᠮᠳᠠᠭᠠᠨ ᠡᠮ ᠤᠨ ᠵᠤᠶᠢᠯᠡᠰ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠴᠠᠭ ᠲᠤᠬᠠᠶ ᠳᠤᠨᠢ ᠢᠯᠡᠴᠢᠯᠡᠵᠦ᠂ ᠢᠳᠡᠭᠡᠨ ᠤᠮᠳᠠᠭᠠᠨ ᠡᠮ ᠤᠨ ᠵᠤᠶᠢᠯᠡᠰ ᠤᠨ ᠠᠮᠤᠷ ᠲᠦᠪᠰᠢᠨ ᠢ ᠨᠡᠶᠢᠭᠡᠮ ᠢᠶᠠᠷ ᠢᠶᠠᠨ ᠬᠠᠮᠲᠤᠪᠠᠷ ᠵᠠᠰᠠᠬᠤ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠬᠤᠰᠢᠭᠤᠨ ᠤ ᠢᠳᠡᠭᠡᠨ ᠤᠮᠳᠠᠭᠠᠨ ᠡᠮ ᠤᠨ ᠵᠤᠶᠢᠯᠡᠰ ᠤᠨ ᠠᠮᠤᠷ ᠲᠦᠪᠰᠢᠨ ᠤ ᠵᠥᠪᠯᠡᠯ ᠤᠨ ᠲᠦᠷᠦᠭᠦᠯᠡᠨ ᠵᠣᠬᠢᠴᠠᠭᠤᠯᠬᠤ᠂ ᠰᠢᠪᠠᠳᠠᠨ ᠪᠠᠶᠢᠴᠠᠭᠠᠵᠤ ᠰᠢᠪᠠᠳᠠᠨ  ᠰᠢᠢᠳᠪᠤᠷᠢᠯᠡᠬᠦ ᠤᠶᠢᠯᠡᠳᠤᠯ ᠢ ᠬᠦᠢᠴᠡᠳ ᠪᠠᠳᠠᠷᠠᠭᠤᠯᠵᠤ᠂ ᠡᠯ᠎ᠡ ᠪᠦᠷᠢᠯᠳᠦᠬᠦᠨ  ᠨᠢᠭᠡᠴᠢ ᠶᠢᠨ ᠬᠠᠮᠵᠢᠯᠴᠠᠨ ᠬᠥᠳᠡᠯᠦᠯᠴᠡᠬᠦ ᠶᠢ ᠠᠬᠢᠭᠤᠯᠵᠤ᠂ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾᠎ ᠢ ᠪᠥᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠬᠤ ᠬᠡᠷᠡᠭᠲᠡᠶ ᠭᠡᠮᠡᠨ ᠴᠢᠬᠤᠯᠠᠴᠢᠯᠠᠪᠠ᠃       ᠬᠤᠰᠢᠭᠤᠨ ᠤ ᠢᠳᠡᠭᠡᠨ ᠤᠮᠳᠠᠭᠠᠨ ᠡᠮ ᠤᠨ ᠵᠤᠶᠢᠯᠡᠰ ᠤᠨ ᠠᠮᠤᠷ ᠲᠦᠪᠰᠢᠨ ᠤ ᠵᠥᠪᠯᠡᠯ ᠤᠨ ᠡᠯ᠎ᠡ ᠳᠡᠳ᠋ ᠡᠷᠬᠢᠯᠡᠭᠴᠢ᠂ ᠡᠯ᠎ᠡ ᠪᠦᠷᠢᠯᠳᠦᠬᠦᠨ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ