ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠪᠠᠳᠠᠷᠠᠭᠤᠯᠬᠤ ᠶᠢᠨ ᠲᠥᠯᠥᠭᠡ᠂ ᠬᠤᠰᠢᠭᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠷᠢᠶᠠᠯᠠᠭ᠎ᠠ ᠶᠢ ᠢᠳᠡᠪᠬᠢᠲᠡᠶ ᠳᠠᠭᠠᠵᠤ᠂ ᠪᠥᠬᠦ ᠬᠤᠰᠢᠭᠤᠨ ᠤ ᠡᠮᠴᠢᠯᠡᠭᠡᠨ ᠤ ᠴᠢᠰᠤ ᠬᠡᠷᠡᠭᠯᠡᠬᠦ ᠬᠡᠷᠡᠭᠴᠡᠭᠡ ᠪᠠ ᠠᠮᠤᠷ | ᠲᠦᠪᠰᠢᠨ ᠢ ᠪᠠᠳᠤᠯᠠᠬᠤ ᠪᠠᠷ᠂ 5 ᠳ᠋ᠤᠭᠠᠷ ᠰᠠᠷ᠎ᠠ ᠶᠢᠨ 29 ᠤ ᠡᠳᠦᠷ᠂ ᠡᠵᠡᠨ ᠬᠤᠷᠤᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠬᠠᠯᠠᠭᠤᠨ | ᠴᠢᠰᠤ ᠪᠠᠷ ᠢᠶᠠᠨ ᠦᠨᠡᠨᠴᠢ ᠰᠢᠳᠤᠷᠭᠤ ᠪᠠᠷ ᠴᠠᠭᠳᠠᠭᠠᠨ ᠤ ᠰᠦᠭ ᠰᠦᠨᠡᠰᠦ ᠶᠢ ᠱᠤᠭᠤᠵᠤ ᠦᠨ᠎ᠡ ᠲᠥᠯᠥᠪᠦᠷᠢ ᠥᠬᠡᠶ ᠪᠠᠷ ᠴᠢᠰᠤ ᠪᠠᠨ ᠬᠠᠨᠳᠢᠪᠯᠠᠨ ᠦᠨᠡᠨ | ᠰᠡᠳᠬᠢᠯ ᠢᠶᠠᠨ ᠢᠯᠡᠳᠭᠡᠬᠦ︾ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠠᠷᠠᠳ ᠤᠨ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠭᠦᠷᠭᠡ ᠬᠠᠷᠢᠭᠤᠴᠠᠯᠭ᠎ᠠ ᠶᠢ ᠬᠠᠷᠠᠭᠤᠯᠪᠠ᠃ | ᠲᠣᠰ ᠤᠳᠠᠭᠠᠨ ᠤ ᠦᠨ᠎ᠡ ᠲᠥᠯᠥᠪᠦᠷᠢ ᠥᠬᠡᠶ ᠪᠠᠷ ᠴᠢᠰᠤ ᠬᠠᠨᠳᠢᠪᠯᠠᠬᠤ ᠠᠵᠢᠯᠯᠠᠭ᠎ᠠ ᠳᠤ ᠨᠡᠶᠢᠲᠡ 100 ᠭᠠᠷᠤᠶ ᠠᠷᠠᠳ ᠤᠨ ᠴᠠᠭᠳᠠᠭ᠎ᠠ ᠶᠢᠨ ᠲᠤᠰᠠᠯᠠᠬᠤ | ᠴᠠᠭᠳᠠᠭ᠎ᠠ ᠣᠷᠣᠯᠴᠠᠵᠤ᠂ ᠡᠬᠦᠨ ᠳᠤ ᠡᠷᠡᠭᠳᠡᠢ ᠡᠮᠡᠭᠳᠡᠢ ᠠᠷᠠᠳ ᠤᠨ ᠴᠠᠭᠳᠠᠭ᠎ᠠ᠂ ᠤᠯᠠᠨ ᠵᠢᠯ ᠴᠠᠭᠳᠠᠭᠠᠨ ᠤ ᠠᠵᠢᠯ ᠬᠢᠭᠰᠡᠨ ᠠᠬᠠᠮᠠᠳ ᠴᠠᠭᠳᠠᠭ᠎ᠠ ᠪᠦᠷ | ᠢᠳᠡᠪᠬᠢᠳᠡᠢ ᠤᠷᠤᠯᠴᠠᠵᠤ᠂ ᠠᠷᠠᠳ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠣᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠭᠰᠠᠨ᠂ ᠠᠮᠢ | ᠨᠠᠰᠤ ᠪᠠᠨ ᠬᠠᠶᠢᠷᠠᠯᠠᠨ ᠬᠠᠯᠠᠮᠵᠢᠯᠠᠭᠰᠠᠨ᠂ ᠬᠠᠷᠠᠮ ᠥᠬᠡᠶ ᠵᠤᠷᠢᠭᠤᠯᠳᠠᠭ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠬᠦᠢᠴᠡᠳ ᠢᠯᠡᠷᠡᠭᠦᠯᠪᠡ᠃ | ᠤᠯᠠᠨ ᠢᠶᠠᠷ ᠢᠶᠠᠨ᠂ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠠᠵᠢᠯᠯᠠᠭ᠎ᠠ ᠳᠤ ᠣᠷᠣᠯᠴᠠᠬᠤ ᠨᠢ ᠨᠢᠭᠡ ᠬᠤᠪᠢ ᠬᠠᠶᠢᠷ᠎ᠠ ᠬᠠᠯᠠᠮᠵᠢ ᠪᠠᠨ ᠡᠷᠬᠦᠵᠦ | ᠪᠠᠶᠢᠬᠤ ᠪᠠᠷ ᠪᠠᠷᠠᠬᠤ ᠦᠭᠡᠢ ᠨᠡᠩ ᠴᠤ ᠨᠢᠭᠡ ᠬᠤᠪᠢ ᠬᠠᠷᠢᠭᠤᠴᠠᠯᠭ᠎ᠠ ᠪᠠ ᠡᠭᠦᠷᠭᠡ ᠪᠤᠯᠤᠨ᠎ᠠ᠂ ᠬᠤᠶᠢᠰᠢᠳᠠ ᠶᠢᠨ ᠠᠵᠢᠯ ᠠᠮᠢᠳᠤᠷᠠᠯ ᠤᠨ ᠳᠤᠮᠳᠠ᠂ ᠦᠨ᠎ᠡ | ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠰᠠᠶᠢᠨ ᠳᠤᠷ᠎ᠠ ᠶᠢᠨ ᠠᠵᠢᠯᠯᠠᠭ᠎ᠠ ᠳᠤ ᠦᠷᠭᠦᠯᠵᠢᠯᠡᠨ ᠢᠳᠡᠪᠬᠢᠲᠡᠢ ᠣᠷᠣᠯᠴᠠᠵᠤ᠂ ᠬᠠᠯᠠᠭᠤᠨ ᠴᠢᠰᠤ ᠪᠠᠷ ᠢᠶᠠᠨ | ᠬᠠᠶᠢᠷ᠎ᠠ ᠬᠠᠯᠠᠮᠵᠢ ᠪᠠᠨ ᠳᠠᠮᠵᠢᠭᠤᠯᠵᠤ᠂ ᠬᠠᠯᠠᠭᠤᠨ ᠴᠢᠰᠤ ᠪᠠᠷ ᠢᠶᠠᠨ ᠲᠠᠩᠭᠠᠷᠢᠭ ᠢᠶᠠᠨ ᠦᠢᠯᠡᠳᠦᠯᠭᠡᠵᠢᠭᠦᠯᠵᠦ᠂ ᠬᠠᠯᠠᠭᠤᠨ ᠴᠢᠰᠤ ᠪᠠᠷ ᠢᠶᠠᠨ ᠬᠠᠷᠢᠭᠤᠴᠠᠯᠭ᠎ᠠ | ᠡᠭᠦᠷᠭᠡᠯᠡᠨ᠎ᠡ ᠭᠡᠮᠡᠨ ᠢᠯᠡᠳᠬᠡᠵᠡᠭᠡᠪᠡ᠃ | |