ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 9 ᠳ᠋ᠤᠭᠡᠷ ᠤᠳᠠᠭᠠᠨ ᠤ ᠪᠠᠶᠢᠩᠭᠤ ᠶᠢᠨ ᠬᠤᠷᠠᠯ ᠵᠢᠴᠢ ︽ᠵᠢᠷᠭᠤᠭᠠᠨ ᠢᠨᠵᠧᠨᠧᠷᠢᠩ︾᠎ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/31
      5 ᠳ᠋ᠤᠭᠠᠷ ᠰᠠᠷ᠎ᠠ ᠶᠢᠨ 28᠎ ᠤ ᠡᠳᠦᠷ᠂ ᠬᠤᠰᠢᠭᠤᠨ ᠤ ᠨᠠᠮ ᠤᠨ  ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠴᠢᠶᠣᠤ ᠰᠢᠶᠤᠤ ᠵᠢᠶᠦ᠋ᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 9  ᠳ᠋ᠤᠭᠡᠷ ᠤᠳᠠᠭᠠᠨ ᠤ ᠪᠠᠶᠢᠩᠭᠤ ᠶᠢᠨ ᠬᠤᠷᠠᠯ ᠵᠢᠴᠢ ︽ᠵᠢᠷᠭᠤᠭᠠᠨ ᠢᠨᠵᠧᠨᠧᠷᠢᠩ︾᠎ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃       ᠬᠤᠷᠠᠯ ᠎ ᠠᠴᠠ ᠰᠢ ᠶᠢᠨ ᠫᠢᠡᠭ ᠶᠡᠷᠦᠩᠭᠡᠢ ᠱᠦᠵᠢ ᠶᠢᠨ ᠴᠦᠩᠴᠢᠩ᠂ ᠱᠠᠨᠳᠦ᠋ᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠰᠢᠨ᠎ᠡ ᠴᠠᠭ ᠦᠶ᠎ᠡ ᠳᠤ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠶᠠᠷᠢᠯᠴᠠᠬᠤ ᠬᠤᠷᠠᠯ᠂ ᠠᠵᠤ ᠠᠬᠤᠶᠢᠯᠠᠯ ᠪᠣᠯᠤᠨ ᠲᠤᠰᠬᠠᠢ ᠮᠡᠷᠭᠡᠵᠢᠯᠲᠡᠨ ᠤ ᠶᠠᠷᠢᠯᠴᠠᠬᠤ ᠬᠤᠷᠠᠯ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠰᠦᠨ ᠱᠤᠤ ᠴᠸᠡᠭ ᠱᠦᠵᠢ ᠶᠢᠨ ᠬᠠᠳᠤᠨ ᠭᠤᠣᠯ ᠤᠨ ᠲᠤᠬᠤᠢ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠣᠯᠤᠨ ᠴᠢᠨᠠᠷ ᠰᠠᠶᠢᠲᠠᠢ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠭᠰᠠᠨ ᠪᠦᠭᠡᠳ ᠡᠯ᠎ᠡ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ  ᠰᠢ ᠎ ᠶᠢᠨ ᠫᠢᠡᠭ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠣ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ ᠡᠨᠡᠬᠦ ᠭᠤᠣᠯ ᠱᠤᠭᠤᠮ ᠢ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠨᠡᠶᠢᠭᠡᠮ ᠤᠨ ᠲᠣᠭᠲᠠᠭᠤᠨ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠦᠷᠪᠡᠨ ᠬᠤᠷᠢᠭ᠎ᠠ ᠱᠤᠭᠤᠮ ᠢ ᠰᠠᠬᠢᠵᠤ᠂ ᠠᠵᠤ ᠦᠢᠯᠡᠰ ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ  ᠪᠤᠯᠭᠠᠨ ᠬᠤᠪᠢᠷᠠᠭᠤᠯᠬᠤ᠂ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠦᠢᠯᠡᠳᠬᠦ᠂ ᠴᠢᠯᠥᠭᠡᠲᠦ ᠠᠷᠠᠯᠵᠢᠶᠠᠨ ᠤ ᠣᠷᠣᠨ ᠤ ᠬᠠᠮᠵᠢᠯᠴᠠᠭᠰᠠᠨ ᠣᠷᠣᠨ ᠢ ᠡᠭᠦᠳᠦᠨ ᠪᠠᠶᠢᠭᠤᠯᠬᠤ᠂ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠪᠠᠶᠢᠭᠤᠯᠬᠤ ᠵᠡᠷᠭᠡ ᠠᠵᠢᠯ ᠤᠨ ᠲᠣᠭᠤᠷᠢᠨ ᠳᠤ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠪᠤᠶᠢᠵᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ︽ᠵᠢᠷᠭᠤᠭᠠᠨ ᠢᠨᠵᠧᠨᠧᠷᠢᠩ︾᠎ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠲᠦᠷᠭᠡᠨ ᠠᠵᠢᠯᠯᠠᠵᠤ ᠪᠣᠳᠠᠲᠠᠢ ᠠᠵᠢᠯᠯᠠᠬᠤ ᠤᠳᠤᠷᠢᠳᠤᠮᠵᠢ ᠶᠢ ᠪᠠᠲᠤ ᠪᠤᠢ ᠪᠣᠯᠭᠠᠵᠤ᠂ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠩᠬᠠᠷᠴᠤ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠡᠵᠡᠮᠳᠡᠵᠦ᠂ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠠᠷᠢᠨ ᠪᠣᠳᠠᠲᠠᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠲᠠᠩᠰᠠ ᠮᠡᠳᠡᠭᠦᠯᠬᠦ ᠤᠬᠠᠮᠰᠠᠷ᠂ ᠡᠭᠦᠷᠭᠡ ᠪᠠᠨ ᠪᠡᠶᠡᠯᠡᠬᠦᠯᠬᠦ ᠤᠬᠠᠮᠰᠠᠷ ᠪᠠ ᠦᠷ᠎ᠡ ᠪᠦᠲᠦᠭᠡᠯ ᠤᠨ ᠤᠬᠠᠮᠰᠠᠷ ᠢᠶᠠᠨ ᠴᠢᠩᠭᠠᠳᠬᠠᠵᠤ᠂ ᠢᠨᠵᠧᠨᠧᠷᠢᠩ ᠨᠢᠭᠡᠪᠦᠷᠢ ᠶᠢ ᠴᠥᠮ ᠲᠣᠭᠲᠠᠭᠰᠠᠨ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢᠶᠠᠷ ᠠᠬᠢᠭᠤᠯᠵᠤ᠂ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ︽ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯᠯᠠᠭᠠᠨ ᠤ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾᠎ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠ ᠪᠥᠬᠦ ᠣᠷᠣᠨ᠂ ᠪᠥᠬᠦ ᠬᠤᠲᠠ ᠶᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠰᠢᠭᠦᠨ ᠲᠠᠰᠤᠯᠤᠯᠲᠠ ᠶᠢᠨ ᠴᠠᠭᠠᠨ ᠭᠠᠳᠠᠷᠳᠤ ᠪᠢᠴᠢᠭ ︵2018 ᠣᠨ ︱ 2023 ᠣᠨ︶︾ ︽ᠤᠰᠤ ᠶᠢ ᠠᠷᠪᠢᠯᠠᠵᠤ ᠬᠡᠷᠡᠭᠯᠡᠬᠦ ᠲᠦᠷᠢᠮ︾᠎ ᠢ ᠬᠠᠮᠲᠤ ᠪᠠᠷ ᠰᠤᠷᠤᠯᠴᠠᠭᠰᠠᠨ ᠪᠦᠭᠡᠳ ᠠᠶᠤᠯᠭᠦᠢ ᠦᠢᠯᠡᠳᠪᠦᠷᠢᠯᠡᠯ ᠢ ᠨᠢᠭᠡ ᠮᠥᠴᠡ ᠴᠦ ᠰᠤᠯᠠᠷᠠᠭᠤᠯᠵᠤ ᠪᠣᠯᠬᠤ ᠦᠭᠡᠢ᠂ ᠡᠯ᠎ᠡ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠴᠡᠭᠴᠡᠯᠡᠨ ᠵᠠᠰᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠤᠯᠠᠨ ᠲᠦᠮᠡᠨ ᠤ ᠵᠣᠭᠰᠣᠯᠲᠠ ᠪᠠᠷ ᠤᠯᠠᠨ ᠲᠦᠮᠡᠨ ᠤ ᠠᠰᠠᠭᠤᠳᠠᠯ ᠢ ᠪᠣᠳᠣᠯᠬᠢᠯᠠᠬᠤ ᠳᠠᠭᠠᠨ ᠴᠢᠳᠠᠮᠠᠭᠠᠢ ᠪᠠᠶᠢᠵᠤ᠂ ᠤᠯᠠᠨ ᠲᠦᠮᠡᠨ ᠤ ᠦᠭᠡ ᠬᠡᠯᠡ ᠪᠠᠷ ᠤᠯᠠᠨ ᠲᠦᠮᠡᠨ ᠲᠠᠢ ᠨᠡᠪᠲᠡᠷᠡᠯᠴᠡᠵᠦ᠂ ᠤᠯᠠᠨ ᠲᠦᠮᠡᠨ ᠤ ᠠᠷᠭ᠎ᠠ ᠪᠠᠷ ᠤᠯᠠᠨ ᠲᠦᠮᠡᠨ ᠤ ᠠᠰᠠᠭᠤᠳᠠᠯ ᠢ ᠰᠢᠢᠳᠪᠦᠷᠢᠯᠡᠵᠦ᠂ ᠬᠡᠮ ᠰᠣᠭᠤᠭ ᠤᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ᠃ ︽ᠠᠶᠤᠯᠭᠦᠶ ᠦᠢᠯᠡᠳᠪᠦᠷᠢᠯᠡᠯ ᠤᠨ ᠰᠠᠷ᠎ᠠ︾᠎ ᠶᠢᠨ ᠡᠯ᠎ᠡ  ᠵᠣᠶᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠶ ᠰᠦᠪᠡᠭᠴᠢᠯᠡᠨ ᠥᠷᠨᠢᠭᠦᠯᠵᠦ᠂ ᠪᠥᠬᠦ ᠨᠡᠶᠢᠭᠡᠮ ᠢᠶᠠᠷ ᠢᠶᠠᠨ ᠠᠮᠤᠷ ᠲᠦᠪᠰᠢᠨ ᠢ ᠴᠢᠬᠤᠯᠠᠴᠢᠯᠠᠬᠤ᠂ ᠠᠮᠤᠷ ᠲᠦᠪᠰᠢᠨ ᠢ ᠬᠠᠯᠠᠮᠵᠢᠯᠠᠬᠤ ᠠᠮᠤᠷ ᠲᠦᠪᠰᠢᠨ ᠤ ᠰᠣᠶᠣᠯ ᠢ ᠴᠢᠷᠮᠠᠶᠢᠨ ᠪᠣᠶ ᠪᠣᠯᠭᠠᠵᠤ᠂ ︽ᠬᠥᠮᠦᠨ ᠪᠣᠯᠭᠠᠨ ᠠᠮᠤᠷ ᠲᠦᠪᠰᠢᠨ ᠢ ᠮᠡᠳᠡᠬᠦ᠂ ᠬᠥᠮᠦᠨ ᠪᠣᠯᠭᠠᠨ ᠪᠠᠴᠢᠮ ᠪᠠᠶᠢᠳᠠᠯ ᠢ ᠠᠷᠭᠠᠴᠠᠵᠤ ᠴᠢᠳᠠᠬᠤ᠂ ᠠᠮᠢ ᠨᠠᠰᠤᠨ ᠤ ᠨᠡᠪᠲᠡᠷᠡᠯᠴᠡᠭᠡ ᠶᠢ ᠰᠢᠯᠤᠭᠤᠳᠬᠠᠬᠤ ᠬᠡᠷᠡᠭᠲᠡᠶ ᠭᠡᠵᠦ ᠴᠢᠬᠤᠯᠠᠴᠢᠯᠠᠪᠠ ᠃      ᠬᠤᠷᠠᠯ ᠠᠴᠠ ᠪᠠᠰᠠ ᠪᠤᠰᠤᠳ ᠵᠤᠶᠢᠯ ᠢ ᠰᠤᠳᠤᠯᠵᠠᠢ ᠃    
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ