ᠡᠵᠡᠨ ᠬᠤᠷᠤᠭ᠎ᠠ ᠬᠤᠰᠢᠭᠤ ᠪᠦᠭᠦ ᠬᠡᠯᠬᠢᠶᠡᠨ ᠤ ᠦᠢᠯᠡᠴᠢᠯᠡᠭᠡ ᠪᠠᠷ ᠬᠠᠮᠲᠤ ᠪᠠᠷ ᠠᠭᠤᠰᠤᠯᠴᠠᠵᠤ ᠬᠠᠮᠲᠤ ᠪᠠᠷ ᠪᠠᠶᠠᠵᠢᠬᠤ ᠶᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2024/5/9
      ᠡᠨᠡ ᠵᠢᠯ ᠠᠴᠠ ᠨᠠᠭᠠᠰᠢ᠂ ᠡᠵᠡᠨ ᠬᠤᠷᠤᠭ᠎ᠠ ᠬᠤᠰᠢᠭᠤ ᠲᠣᠯᠣᠭᠠᠶᠢᠯᠠᠬᠤ ᠠᠵᠤ ᠠᠬᠤᠶᠢᠯᠠᠯ ᠳᠤ ᠲᠦᠰᠢᠭᠯᠡᠨ ᠬᠠᠮᠲᠤ ᠪᠠᠷ ᠠᠭᠤᠰᠤᠯᠴᠠᠵᠤ ᠬᠠᠮᠲᠤ ᠪᠠᠷ ᠪᠠᠶᠠᠵᠢᠬᠤ ᠨᠡᠶᠢᠭᠡᠮᠴᠢᠯᠡᠭᠰᠡᠨ ᠦᠢᠯᠡᠴᠢᠯᠡᠭᠡ ᠶᠢ ᠬᠠᠩᠭᠠᠵᠤ᠂ ᠦᠢᠯᠡᠴᠢᠯᠡᠭᠡᠨ ᠤ ᠬᠡᠪᠴᠢᠶ᠎ᠡ ᠨᠢ 2000 ᠮᠦ ᠲᠠᠷᠢᠶᠠᠨ ᠭᠠᠵᠠᠷ ᠢ ᠪᠦᠷᠬᠦᠭᠦᠯᠵᠦ᠂ ᠮᠠᠯᠴᠢᠨ ᠲᠠᠷᠷᠢᠶᠠᠴᠢᠳ ᠢ ᠲᠠᠶᠢᠴᠢᠯᠠᠨ ᠤᠷᠤᠯᠭ᠎ᠠ ᠶᠢ ᠨᠢ ᠨᠡᠮᠡᠭᠳᠡᠭᠦᠯᠵᠦ ᠪᠠᠶᠢᠨ᠎ᠠ᠃      ᠡᠵᠡᠨ ᠬᠤᠷᠤᠭ᠎ᠠ ᠬᠤᠰᠢᠭᠤᠨ ᠤ ᠰᠤᠪᠤᠷᠭ᠎ᠠ ᠪᠠᠯᠭᠠᠰᠤ ᠶᠢᠨ ᠮᠠᠭᠤ ᠦᠨᠡᠭᠡᠲᠦ ᠲᠤᠰᠬᠤᠨ ᠳᠤ᠂ ᠲᠣᠮᠣ ᠭᠡᠯᠪᠡᠷᠢ ᠶᠢᠨ ᠮᠠᠰᠢᠨ ᠲᠣᠨᠣᠭᠯᠠᠯ ᠲᠠᠷᠢᠶᠠᠨ ᠭᠠᠵᠠᠷ ᠲᠤ ᠨᠠᠭᠠᠰᠢ ᠴᠠᠭᠠᠰᠢ ᠰᠦᠯᠵᠢᠯᠳᠦᠨ ᠶᠠᠭᠠᠷᠠᠯᠲᠠᠢ ᠠᠵᠢᠯᠯᠠᠨ᠎ᠠ᠃ ᠡᠨᠡ ᠪᠣᠯ ᠡᠵᠡᠨ ᠬᠤᠷᠤᠭ᠎ᠠ ᠬᠤᠰᠢᠭᠤᠨ ᠤ ᠡᠨᠡ ᠵᠢᠯ ᠤᠨ ᠬᠡᠷᠡᠭᠵᠢᠭᠦᠯᠵᠦ ᠪᠠᠶᠢᠭ᠎ᠠ ᠬᠠᠮᠲᠤ ᠎ ᠪᠠᠷ ᠠᠭᠤᠰᠤᠯᠴᠠᠵᠤ ᠬᠠᠮᠲᠤ ᠪᠠᠷ ᠪᠠᠶᠠᠵᠢᠬᠤ ᠨᠡᠶᠢᠭᠡᠮᠴᠢᠯᠡᠭᠰᠡᠨ ᠦᠢᠯᠡᠴᠢᠯᠡᠭᠡᠨ ᠤ ᠲᠦᠷᠦᠯ ᠵᠦᠢᠯ ᠪᠣᠯᠣᠨ᠎ᠠ᠃ ᠲᠤᠰ ᠲᠦᠷᠦᠯ ᠵᠦᠢᠯ ᠨᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠬᠢ ᠪᠠᠶᠠᠯᠢᠭ ᠤᠨ ᠳᠠᠪᠠᠭᠤᠯᠢᠭ ᠢ ᠠᠰᠢᠭᠯᠠᠨ᠂ ᠲᠠᠷᠢᠶᠠᠯᠠᠩ ᠦᠢᠯᠡᠳᠪᠦᠷᠢᠯᠡᠯ ᠤᠨ ᠡᠯ᠎ᠡ ᠭᠤᠭᠴᠤᠭ᠎ᠠ ᠳᠤ ᠪᠦᠭᠦ ᠲᠠᠯ᠎ᠠ ᠶᠢᠨ ᠦᠢᠯᠡᠴᠢᠯᠡᠭᠡ ᠬᠠᠩᠭᠠᠵᠤ᠂ ᠮᠠᠯᠴᠢᠨ ᠲᠠᠷᠢᠶᠠᠴᠢᠳ ᠤᠨ ᠭᠦᠳᠡᠯᠮᠤᠷᠢ ᠬᠦᠴᠦ ᠶᠢ ᠠᠷᠪᠢᠯᠠᠭᠰᠠᠨ ᠮᠥᠷᠲᠡᠭᠡᠨ ᠤᠷᠤᠯᠭ᠎ᠠ ᠶᠢ ᠨᠡᠮᠡᠭᠳᠡᠭᠦᠯᠦᠭᠰᠡᠨ ᠪᠠᠶᠢᠨ᠎ᠠ᠃ ᠶᠦᠨ ᠳ᠋ᠦᠩ ᠪᠦᠯᠦᠭᠯᠡᠯ ᠤᠨ ᠢ ᠨᠦᠩ ᠺᠤᠮᠫᠠᠨᠢ ᠶᠢᠨ ᠶᠡᠷᠦᠩᠬᠡᠢ ᠳᠠᠭᠠᠭᠠᠮᠠᠯ ᠱᠠᠩ ᠷᠦᠢ ᠹᠠᠩ᠄ ︽ᠪᠢᠳᠡ ᠬᠠᠷᠢᠴᠠᠩᠭᠤᠢ ᠪᠠᠷ ᠲᠥᠪᠯᠡᠷᠡᠭᠰᠡᠨ ᠭᠠᠵᠠᠷ ᠰᠢᠷᠣᠢ ᠳᠤ ᠬᠠᠨᠳᠤᠭᠤᠯᠤᠨ ᠪᠦᠭᠦ ᠶᠠᠪᠤᠴᠠ ᠶᠢ ᠨᠠᠶᠢᠳᠠᠨ ᠬᠠᠮᠢᠶᠠᠷᠤᠭᠤᠯᠵᠤ᠂ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠭᠠᠵᠠᠷ ᠬᠠᠭᠠᠯᠪᠤᠷᠢᠯᠠᠬᠤ᠂ ᠲᠠᠷᠢᠬᠤ ᠠᠴᠠ ᠬᠠᠳᠤᠵᠤ ᠬᠤᠷᠢᠶᠠᠬᠤ ᠪᠦᠭᠦ ᠶᠠᠪᠤᠴᠠ ᠳᠤ ᠮᠠᠰᠢᠨᠴᠢᠯᠠᠭᠰᠠᠨ ᠦᠢᠯᠡᠴᠢᠯᠡᠭᠡ ᠬᠠᠩᠭᠠᠵᠤ᠂ ᠮᠠᠯᠴᠢᠨ ᠲᠠᠷᠢᠶᠠᠴᠢᠳ ᠤᠨ ᠪᠣᠳᠠᠲᠤ ᠠᠰᠠᠭᠤᠳᠠᠯ ᠢ ᠰᠢᠢᠳᠪᠦᠷᠢᠯᠡᠵᠡᠢ︾ ᠭᠡᠵᠦ ᠪᠠᠶᠢᠯ᠎ᠠ᠃      ᠡᠵᠡᠨ ᠬᠤᠷᠤᠭ᠎ᠠ ᠬᠤᠰᠢᠭᠤᠨ ᠤ ᠬᠠᠮᠲᠤ ᠪᠠᠷ ᠠᠭᠤᠰᠤᠯᠴᠠᠵᠤ ᠬᠠᠮᠲᠤ ᠪᠠᠷ ᠪᠠᠶᠠᠵᠢᠬᠤ ᠨᠡᠶᠢᠭᠡᠮᠴᠢᠯᠡᠭᠰᠡᠨ ᠦᠢᠯᠡᠴᠢᠯᠡᠭᠡᠨ ᠤ ᠲᠦᠷᠦᠯ ᠵᠦᠢᠯ ᠨᠢ ︽ᠤᠯᠤᠰ ᠤᠨ ᠥᠮᠴᠢᠯᠡᠯᠲᠦ ᠠᠵᠤ ᠠᠬᠤᠶᠢᠯᠠᠯ + ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ + ᠮᠠᠯᠴᠢᠨ ᠲᠠᠷᠢᠶᠠᠴᠢᠳ︾᠎ ᠤᠨ ᠭᠡᠯᠪᠠᠷᠢ ᠪᠠᠷ᠂ ᠶᠦᠨ ᠳ᠋ᠦᠩ ᠪᠦᠯᠦᠭᠯᠡᠯ ᠤᠨ ᠢ ᠨᠦᠡᠭ ᠺᠤᠮᠫᠠᠨᠢ ᠬᠢᠭᠡᠳ ᠰᠤᠪᠤᠷᠭ᠎ᠠ ᠪᠠᠯᠭᠠᠰᠤᠨ ᠤ ᠮᠠᠭᠤ ᠦᠨᠡᠭᠡᠲᠦ ᠲᠣᠰᠬᠤᠨ 2000 ᠮᠦ ᠭᠠᠵᠠᠷ ᠰᠢᠷᠣᠢ ᠶᠢᠨ ᠲᠠᠷᠢᠮᠠᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠥᠪᠳᠡᠯᠴᠡᠭᠡᠷ ᠢ ᠲᠣᠭᠲᠠᠭᠰᠠᠨ ᠪᠠᠶᠢᠨ᠎ᠠ᠃ ᠠᠵᠤ ᠠᠬᠤᠶᠢᠯᠠᠯ ᠨᠢ ᠲᠠᠷᠢᠶᠠᠯᠠᠩ ᠤᠨ ᠦᠢᠯᠡᠳᠪᠦᠷᠢᠯᠡᠯ ᠳᠤ ᠪᠦᠭᠦ ᠬᠡᠯᠬᠢᠶ᠎ᠡ ᠶᠢᠨ ᠦᠢᠯᠡᠴᠢᠯᠡᠭᠡ ᠬᠠᠩᠭᠠᠵᠤ᠂ ᠮᠠᠯᠴᠢᠨ ᠲᠠᠷᠢᠶᠠᠴᠢᠳ ᠢ ᠬᠠᠪᠰᠤᠷᠤᠨ ᠲᠠᠷᠢᠮᠠᠯ ᠤᠨ ᠥᠪᠡᠷ ᠤᠨ ᠥᠷᠲᠡᠭ ᠢ ᠠᠷᠪᠢᠯᠠᠨ᠂ ᠲᠠᠷᠢᠶ᠎ᠠ ᠪᠣᠯᠪᠠᠰᠤᠷᠠᠭᠰᠠᠨ ᠤ ᠳᠠᠷᠠᠭ᠎ᠠ᠂ ᠵᠠᠬ᠎ᠠ ᠳᠡᠯᠭᠡᠭᠦᠷ ᠤᠨ ᠦᠨ᠎ᠡ ᠠᠴᠠ1% ᠥᠨᠳᠥᠷ ᠦᠨ᠎ᠡ ᠪᠠᠷ ᠬᠤᠷᠢᠶᠠᠨ ᠠᠪᠴᠤ᠂ ᠲᠤᠰᠬᠤᠨ ᠤ ᠬᠠᠮᠲᠤ ᠶᠢᠨ ᠠᠵᠤ ᠠᠬᠤᠢ ᠪᠠ ᠮᠠᠯᠴᠢᠨ ᠲᠠᠷᠢᠶᠠᠴᠢᠳ ᠬᠠᠮᠲᠤ ᠪᠠᠷ ᠠᠭᠤᠰᠤᠯᠴᠠᠨ ᠬᠠᠮᠲᠤ ᠪᠠᠷ ᠪᠠᠶᠠᠵᠢᠬᠤ ᠶᠢ ᠳᠠᠶᠢᠴᠢᠯᠠᠬᠤ ᠪᠣᠯᠣᠨ᠎ᠠ᠃      ᠳᠠᠷᠠᠭᠠᠴᠢ ᠶᠢᠨ ᠠᠯᠬᠤᠮ ᠳᠤ᠂ ᠲᠤᠰ ᠲᠦᠷᠦᠯ ᠵᠦᠢᠯ ᠢ ᠡᠵᠡᠨ ᠬᠤᠷᠤᠭ᠎ᠠ ᠬᠤᠰᠢᠭᠤᠨ ᠤ ᠰᠤᠪᠤᠷᠭ᠎ᠠ ᠪᠠᠯᠭᠠᠰᠤ᠂ ᠬᠤᠨᠢᠴᠢᠨᠭᠤᠤᠯ ᠪᠠᠯᠭᠠᠰᠤ᠂ ᠡᠵᠡᠨ ᠬᠤᠷᠤᠭ᠎ᠠ ᠪᠠᠯᠭᠠᠰᠤᠨ ᠳᠤ ᠦᠷᠭᠦᠯᠵᠢᠯᠡᠨ ᠬᠡᠷᠡᠭᠵᠢᠭᠦᠯᠬᠦ ᠶᠢᠨ ᠬᠠᠮᠲᠤ ᠲᠡᠵᠢᠭᠡᠨ ᠦᠷᠡᠵᠢᠭᠦᠯᠬᠦ ᠦᠢᠯᠡᠰ ᠲᠡᠶᠢᠰᠢ ᠠᠯᠬᠤᠮ ᠠᠯᠬᠤᠮ ᠢᠶᠠᠷ ᠥᠷᠭᠡᠳᠬᠡᠵᠦ᠂ ᠨᠡᠶᠢᠭᠡᠮᠴᠢᠯᠡᠭᠰᠡᠨ ᠦᠢᠯᠡᠴᠢᠯᠡᠭᠡ ᠶᠢ ᠳᠠᠩ ᠭᠠᠭᠴᠠ ᠭᠤᠭᠴᠤᠭ᠎ᠠ ᠠᠴᠠ ᠶᠡᠷᠦᠩᠬᠡᠶᠢᠯᠡᠭᠰᠡᠨ ᠴᠢᠨᠠᠷᠲᠠᠢ ᠪᠦᠭᠦ ᠶᠠᠪᠤᠴᠠ ᠶᠢᠨ ᠦᠢᠯᠡᠴᠢᠯᠡᠭᠡ ᠪᠣᠯᠭᠠᠨ ᠬᠥᠭᠵᠢᠭᠦᠯᠬᠦ ᠪᠣᠯᠣᠨ᠎ᠠ᠃᠎  
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ