ᠳ᠋ᠦ᠋ ᠬᠤᠢ ᠯᠢᠶᠠᠩ ᠰᠣᠶᠣᠯ ᠵᠢᠭᠤᠯᠴᠢᠯᠠᠯ ᠪᠠ ᠪᠦᠬᠦ ᠤᠯᠤᠰ ᠤᠨ ᠵᠠᠰᠠᠮᠠᠯ ᠵᠠᠮ ᠤᠨ ᠳᠤᠭᠤᠶ ᠲᠡᠷᠭᠡᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ ᠤ ᠪᠡᠯᠡᠳᠬᠡᠯ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/6/11
      6 ᠰᠠᠷ᠎ᠠ ᠶᠢᠨ 9᠎ ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠡᠵᠡᠨ ᠬᠤᠷᠤᠭ᠎ᠠ ᠬᠤᠰᠢᠭᠤ᠂ ᠬᠢᠶ᠎ᠠ ᠪᠠᠭᠰᠢ ᠲᠣᠭᠤᠷᠢᠭ ᠲᠤ ᠰᠣᠶᠣᠯ ᠵᠢᠭᠤᠯᠴᠢᠯᠠᠯ ᠪᠠ 2024 ᠣᠨ ᠤ ᠪᠥᠬᠦ ᠤᠯᠤᠰ ᠤᠨ ᠵᠠᠰᠠᠮᠠᠯ ᠵᠠᠮ ᠤᠨ ᠳᠤᠭᠤᠶ ᠲᠡᠷᠭᠡᠨ ᠤ ᠮᠠᠩᠯᠠᠶ ᠰᠢᠯᠭᠠᠷᠠᠭᠤᠯᠬᠤ ᠤᠷᠤᠯᠳᠤᠭᠠᠨ ᠤ ᠪᠡᠯᠡᠳᠬᠡᠯ ᠠᠵᠢᠯ ᠢ ᠪᠠᠶᠢᠴᠠᠭᠠᠨ ᠰᠤᠳᠤᠯᠪᠠ᠃      ᠡᠵᠡᠨ ᠬᠤᠷᠤᠭ᠎ᠠ ᠬᠤᠰᠢᠭᠤᠨ ᠤ ᠸᠠᠩ ᠤᠨ ᠣᠷᠳᠣᠨ ᠪᠣᠯᠤᠨ ᠬᠢᠶ᠎ᠠ ᠪᠠᠭᠰᠢ ᠲᠣᠭᠤᠷᠢᠭ ᠤᠨ ᠤᠯᠠᠭᠠᠨᠮᠦ᠋ᠷᠡᠨ ᠨᠠᠭᠤᠷ ᠢᠶᠠᠷ ᠬᠦᠷᠴᠦ᠂ ᠳ᠋ᠦ᠋ ᠬᠤᠢ ᠯᠢᠶᠠᠩ ᠦᠵᠡᠮᠵᠢ ᠶᠢᠨ ᠣᠷᠣᠨ ᠤ ᠡᠵᠡᠩᠨᠡᠯᠲᠡ ᠬᠠᠮᠢᠶᠠᠷᠤᠯᠲᠠ ᠪᠣᠯᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠠᠰᠢᠭᠯᠠᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃       ᠲᠡᠷᠡ᠂ ᠵᠤᠭᠠᠴᠠᠯ ᠤᠨ ᠢᠵᠢ ᠪᠦᠷᠢᠳᠦᠭᠰᠡᠨ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠤ ᠬᠠᠩᠭᠠᠯᠭ᠎ᠠ ᠶᠢ  ᠪᠡᠶᠡᠯᠢᠭ᠌ᠵᠢᠭᠤᠯᠵᠤ᠂ ᠵᠤᠭᠠᠴᠠᠭᠰᠠᠳ ᠢ ᠬᠦᠯᠢᠶᠡᠨ ᠠᠪᠬᠤ ᠴᠢᠳᠠᠪᠤᠷᠢ ᠪᠣᠯᠤᠨ ᠦᠢᠯᠡᠴᠢᠯᠡᠭᠡᠨ ᠤ ᠶᠠᠰᠤ ᠴᠢᠨᠠᠷ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠬᠦ ᠬᠡᠷᠡᠭᠲᠡᠢ᠃ ᠰᠣᠶᠣᠯ ᠵᠢᠭᠤᠯᠴᠢᠯᠠᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠦᠷᠭᠦᠯᠵᠢᠯᠡᠨ ᠰᠢᠨᠡᠴᠢᠯᠡᠵᠦ᠂ ᠲᠣᠭᠯᠠᠯᠲᠠ ᠶᠢᠨ ᠤᠷᠠᠯᠢᠭ᠂ ᠰᠡᠯᠡᠭᠦᠴᠡᠯ᠂ ᠪᠣᠳᠠᠰ ᠤᠨ ᠪᠤᠰᠤ ᠰᠣᠶᠣᠯ ᠤᠨ ᠥᠪ᠂  ᠪᠡᠶᠡᠴᠢᠯᠡᠨ ᠤᠷᠤᠯᠴᠠᠵᠤ ᠪᠠᠶᠢᠳᠠᠯ ᠢ ᠣᠶᠢᠯᠠᠭᠠᠬᠤ ᠶᠢ ᠨᠢᠭᠡ ᠴᠤᠬᠴᠠᠵᠢᠭᠤᠯᠤᠬᠰᠠᠨ ᠬᠡᠷᠡᠭᠯᠡᠭᠡᠨ ᠤ ᠪᠠᠶᠢᠳᠠᠯ ᠢ ᠪᠤᠢ ᠪᠣᠯᠭᠠᠵᠤ᠂ ᠬᠤᠳᠠ ᠶᠢᠨ ᠠᠷᠠᠳ ᠤᠨ ᠵᠤᠭᠠᠴᠠᠭᠰᠠᠳ ᠤᠨ ᠤᠬᠠᠭᠠᠷᠠᠬᠤ ᠬᠡᠯᠪᠡᠷᠢ᠂ ᠬᠠᠷᠢᠯᠴᠠᠨ ᠬᠥᠳᠡᠯᠦᠯᠴᠡᠬᠦ ᠬᠡᠯᠪᠡᠷᠢ ᠶᠢᠨ ᠬᠡᠷᠡᠭᠯᠡᠭᠡᠨ ᠤ ᠬᠡᠷᠡᠭᠴᠡᠭᠡ ᠶᠢ ᠬᠠᠩᠭᠠᠬᠤ ᠬᠡᠷᠡᠭᠲᠡᠢ᠃ ᠲᠡᠦᠬᠡ ᠶᠢᠨ ᠳᠤᠷᠠᠰᠬᠠᠯᠲᠤ ᠵᠦᠢᠯᠡᠰ ᠪᠠ ᠰᠣᠶᠣᠯ ᠤᠨ ᠡᠬᠢ ᠪᠠᠶᠠᠯᠢᠭ ᠢ ᠠᠭᠤᠳᠠᠯᠵᠤ᠂ ᠠᠮᠢᠳᠤᠯᠢᠭ ᠢᠶᠠᠷ ᠰᠠᠶᠢᠳᠤᠷ ᠠᠰᠢᠬᠯᠠᠵᠤ᠂ ᠤᠷᠳᠤᠰ ᠤᠨ ᠲᠡᠦᠬᠡ ᠰᠣᠶᠣᠯ ᠤᠨ ᠦᠯᠢᠭᠡᠷ ᠢ ᠰᠠᠶᠢᠲᠤᠷ ᠶᠠᠷᠢᠬᠤ ᠬᠡᠷᠡᠭᠲᠡᠢ᠃ ᠡᠯ᠎ᠡ ᠲᠥᠷᠥᠯ ᠤᠨ ᠦᠢᠯᠡᠴᠢᠯᠡᠭᠡᠨ ᠤ ᠪᠠᠲᠤᠯᠠᠭ᠎ᠠ ᠪᠠ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠷᠢᠯᠢᠭ ᠨᠠᠶᠢᠳᠠᠪᠤᠷᠢᠵᠢᠭᠤᠯᠵᠤ᠂ ᠬᠤᠲᠠ ᠶᠢᠨ ᠠᠷᠠᠳ ᠤᠨ ᠵᠤᠭᠠᠴᠠᠭᠰᠠᠳ ᠤᠨ ᠠᠮᠤᠷ ᠠᠮᠤᠭᠤᠯᠠᠩ ᠠᠮᠠᠷᠠᠯᠲᠠ ᠶᠢᠨ ᠬᠤᠭᠤᠴᠠᠭ᠎ᠠ ᠶᠢ ᠥᠩᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃      ᠡᠵᠡᠨ ᠬᠤᠷᠤᠭ᠎ᠠ ᠬᠤᠰᠢᠭᠤᠨ ᠤ 2024 ᠣᠨ ᠤ ᠪᠥᠬᠦ ᠤᠯᠤᠰ ᠤᠨ ᠵᠠᠰᠠᠮᠠᠯ ᠵᠠᠮ ᠤᠨ ᠳᠤᠭᠤᠶ ᠲᠡᠷᠭᠡᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ ᠤ ᠨᠤᠭᠤᠯᠤᠨ ᠪᠤᠳᠤᠬᠤ ᠴᠡᠭ ᠲᠤ ᠳ᠋ᠦ᠋ ᠬᠤᠢ ᠯᠢᠶᠠᠩ ᠤᠷᠤᠯᠳᠤᠭᠠᠨ ᠤ ᠪᠡᠯᠡᠳᠬᠡᠯ ᠠᠵᠢᠯ ᠤᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃  ᠲᠡᠷᠡ᠂ ᠲᠣᠰ ᠤᠳᠠᠭᠠᠨ ᠤ ᠤᠷᠤᠯᠳᠤᠭᠠᠨ ᠤ ᠬᠡᠪᠴᠢᠶ᠎ᠡ ᠶᠡᠭᠡ᠂ ᠵᠡᠷᠭᠡ ᠳᠡᠰ ᠨᠢ ᠥᠨᠳᠥᠷ ᠪᠣᠯᠬᠤᠷ ᠡᠯ᠎ᠡ ᠱᠠᠲᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠨᠠᠷᠢᠨ ᠨᠢᠮᠪᠠᠶ ᠵᠣᠬᠢᠶᠠᠨ ᠪᠠᠶᠢᠭᠤᠯᠤᠨ ᠪᠡᠯᠡᠳᠬᠡᠵᠦ᠂ ᠤᠷᠤᠯᠳᠤᠭᠠᠨ ᠤ ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠪᠡᠯᠡᠳᠬᠡᠯ ᠠᠵᠢᠯ ᠤᠨ ᠲᠥᠰᠦᠯ ᠢᠶᠠᠨ ᠲᠡᠭᠦᠯᠳᠡᠷᠵᠢᠭᠦᠯᠵᠦ᠂ ᠰᠣᠷᠢᠯᠲᠠ ᠶᠢ ᠴᠢᠩᠭᠠᠳᠬᠠᠨ᠂ ᠶᠠᠰᠤ ᠴᠢᠨᠠᠷ ᠲᠠᠢ᠂ ᠬᠢᠷᠢ ᠲᠦᠪᠰᠢᠨ ᠲᠠᠢ᠂ ᠥᠪᠡᠷᠮᠢᠴᠡ ᠣᠨᠴᠠᠯᠢᠭ ᠲᠠᠢ ᠡᠷᠬᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠬᠡᠯᠡᠪᠡ᠃ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠵᠠᠮ ᠬᠠᠷᠢᠯᠴᠠᠭ᠎ᠠ ᠶᠢ ᠨᠡᠪᠲᠡᠷᠡᠭᠦᠯᠬᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠢᠳᠡᠭᠡᠨ ᠤ ᠠᠮᠤᠷ ᠲᠦᠪᠰᠢᠨ ᠪᠣᠯᠤᠨ ᠣᠨᠴᠠᠭᠠᠢ ᠴᠠᠭ ᠠᠭᠤᠷ ᠢ ᠠᠷᠭᠠᠴᠠᠬᠤ ᠵᠡᠷᠭᠡ ᠠᠵᠢᠯ ᠢ ᠰᠠᠶᠢᠲᠤᠷ ᠬᠢᠵᠦ᠂ ᠤᠷᠤᠯᠳᠤᠭᠠᠨ ᠤ ᠠᠮᠤᠷ ᠲᠦᠪᠰᠢᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠶ᠃ ᠦᠢᠯᠡᠴᠢᠯᠡᠭᠡᠨ ᠤ ᠪᠠᠲᠤᠯᠠᠭ᠎ᠠ ᠶᠢ ᠰᠢᠯᠢᠳᠡᠭᠵᠢᠭᠦᠯᠵᠦ᠂ ᠤᠷᠤᠯᠳᠤᠭᠠᠨ ᠳᠤ ᠣᠷᠣᠯᠴᠠᠬᠤ ᠪᠦᠯᠬᠦᠮ ᠤᠨ ︽ᠴᠡᠭ ᠠᠴᠠ ᠴᠡᠭ ᠲᠤ ᠬᠦᠷᠬᠦ︾ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠵᠤ᠂ ᠰᠡᠳᠬᠢᠯ ᠎ ᠳᠤ ᠲᠠᠭᠠᠳᠠᠢ ᠤᠷᠤᠯᠳᠤᠭᠠᠨ ᠤ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠪᠡᠶ᠎ᠡ ᠶᠢᠨ ᠲᠠᠮᠢᠷ ᠢᠶᠠᠷ ᠴᠣᠩᠬᠤ ᠪᠣᠯᠭᠠᠨ ᠬᠤᠲᠠ ᠶᠢᠨ ᠷᠢᠳᠢ ᠰᠢᠳᠢ ᠶᠢ ᠳᠡᠯᠭᠡᠨ ᠦᠵᠡᠭᠦᠯᠵᠦ᠂ ᠨᠠᠩ ᠣᠯᠠᠨ ᠬᠥᠮᠦᠰ ᠲᠤ ᠳᠤᠯᠠᠭᠠᠨ ᠬᠤᠲᠠ ᠶᠢ ᠣᠶᠢᠯᠠᠭᠠᠭᠤᠯᠵᠤ᠂ ᠳᠤᠯᠠᠭᠠᠨ ᠬᠤᠲᠠ ᠶᠢ ᠬᠠᠶᠢᠷᠠᠯᠠᠬᠤ ᠪᠣᠯᠭᠠᠬᠤ ᠬᠡᠷᠡᠭᠲᠡᠶ ᠭᠡᠪᠡ᠃       ᠡᠵᠡᠨ ᠬᠤᠷᠤᠭ᠎ᠠ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠬᠤᠰᠢᠭᠤᠨ ᠤ ᠤᠳᠤᠷᠢᠳᠤᠯᠭ᠎ᠠ ᠴᠢᠶᠣᠤ ᠰᠢᠶᠤᠤ ᠵᠢᠶᠦ᠋ᠨ ᠪᠠᠷ᠎ᠠ ᠪᠣᠯᠪᠠ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ