ᠴᠢᠶᠣᠤ ᠰᠢᠶᠣᠤ ᠵᠢᠶᠦ᠋ᠨ ᠵᠠᠰᠠᠭ  ᠤᠨ ᠣᠷᠳᠣᠨ ᠤ ᠲᠤᠰᠬᠠᠶ ᠰᠡᠳᠦᠪᠲᠦ ᠬᠤᠷᠠᠯ ᠢ ᠡᠷᠬᠢᠯᠡᠨ  ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/18
      6 ᠰᠠᠷ᠎ᠠ ᠶᠢᠨ 17᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠴᠢᠶᠣᠤ ᠰᠢᠶᠤᠤ ᠵᠢᠶᠦ᠋ᠨ ᠵᠠᠰᠠᠭ ᠤᠨ ᠣᠷᠳᠣᠨ ᠤ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠭᠠᠵᠠᠷ ᠰᠢᠷᠣᠶ ᠶᠢᠨ ᠬᠠᠮᠠᠭᠠᠯᠠᠯᠲᠠ ᠵᠢᠴᠢ ᠵᠢᠭᠤᠷᠠᠯᠳᠤᠭᠠᠨ ᠢ  ᠰᠢᠢᠳᠪᠤᠷᠢᠯᠠᠬᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠡᠷᠭᠡ ᠠᠵᠢᠯ ᠢ ᠲᠣᠬᠢᠷᠠᠭᠤᠯᠪᠠ᠃      ᠬᠤᠷᠠᠯ ᠠᠴᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2024 ᠣᠨ ᠤ 12 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠵᠢᠴᠢ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ  ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠯᠠᠮᠵᠢᠯᠠᠵᠤ᠂ ᠪᠥᠬᠦ ᠬᠤᠰᠢᠭᠤᠨ ᠤ ᠲᠠᠷᠢᠶᠠᠨ ᠭᠠᠵᠠᠷ᠂ ᠣᠶ ᠰᠢᠭᠤᠶ ᠡᠪᠡᠰᠦ ᠪᠡᠯᠴᠢᠭᠡᠷ ᠤᠨ ᠬᠠᠮᠠᠭᠠᠯᠠᠯᠲᠠ ᠪᠠ ᠭᠠᠵᠠᠷ ᠰᠢᠷᠣᠶ᠂ ᠨᠤᠲᠤᠭ ᠪᠡᠯᠴᠢᠭᠡᠷ ᠤᠨ ᠵᠢᠭᠤᠷᠠᠯᠳᠤᠭᠠᠨ ᠢ ᠰᠢᠢᠳᠪᠤᠷᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠡᠯ᠎ᠡ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠬᠠᠤᠯᠢ ᠵᠥᠷᠢᠴᠡᠨ ᠭᠠᠵᠠᠷ ᠬᠡᠷᠡᠭᠯᠡᠬᠦ᠂ ᠤᠢ ᠰᠢᠭᠤᠢ ᠨᠤᠲᠤᠭ ᠪᠡᠯᠴᠢᠭᠡᠷ ᠤᠨ ᠵᠢᠷᠤᠭ ᠲᠤᠯᠪᠤ ᠶᠢᠨ ᠬᠠᠤᠯᠢ ᠵᠥᠷᠢᠴᠡᠭᠰᠡᠨ ᠪᠠᠶᠢᠳᠠᠯ ᠢ ᠴᠡᠭᠴᠡᠯᠡᠨ ᠰᠠᠶᠢᠵᠢᠷᠠᠭᠤᠯᠬᠤ ᠶᠢ ᠣᠳᠣᠬᠠᠨ ᠤ ᠴᠢᠬᠤᠯᠠ ᠡᠭᠦᠷᠭᠡ ᠪᠠᠨ ᠪᠣᠯᠭᠠᠵᠤ᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠬᠦ ᠶᠢ ᠴᠢᠩᠭᠠᠳᠬᠠᠵᠤ᠂ ᠭᠠᠷ ᠭᠦᠢᠴᠡᠳᠬᠡᠯ ᠬᠢᠬᠦ ᠪᠠᠷ ᠳᠠᠮᠵᠢᠨ ᠨᠢᠭᠡ ᠪᠦᠯᠦᠭ ᠢ ᠰᠢᠢᠳᠪᠦᠷᠢᠯᠡᠵᠦ᠂  ᠨᠤᠷᠠᠭᠠᠨ ᠴᠡᠪᠡᠷᠯᠡᠵᠦ ᠰᠡᠷᠬᠦᠭᠡᠬᠦ ᠪᠠᠷ ᠲᠠᠮᠵᠢᠨ ᠨᠢᠭᠡ ᠪᠦᠯᠦᠭ ᠢ ᠰᠢᠢᠳᠪᠦᠷᠢᠯᠡᠨ᠂  ᠬᠠᠤᠯᠢ ᠴᠠᠭᠠᠵᠠ ᠳᠤ ᠰᠢᠯᠵᠢᠭᠦᠯᠦᠨ ᠲᠤᠰᠢᠶᠠᠬᠤ ᠪᠠᠷ ᠲᠠᠮᠵᠢᠨ ᠨᠢᠭᠡ ᠪᠦᠯᠦᠭ ᠢ ᠰᠢᠢᠳᠪᠦᠷᠢᠯᠡᠵᠦ᠂ ᠦᠯᠡᠳᠡᠵᠦ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠪᠦᠬᠦᠨ ᠢ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ᠃ ᠺᠠᠳ᠋ᠷ ᠳᠠᠭᠠᠭᠠᠴᠢᠯᠠᠬᠤ᠂ ᠲᠣᠣᠷᠵᠢᠭᠤᠯᠤᠭᠰᠠᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠴᠠᠭ ᠲᠤᠬᠠᠢ ᠳᠤᠨᠢ ᠢᠯᠡᠷᠡᠬᠦᠯᠦᠨ᠂ ᠴᠠᠭ ᠲᠤᠬᠠᠢ ᠳᠤᠨᠢ ᠰᠢᠢᠳᠪᠦᠷᠢᠯᠡᠵᠦ᠂ ᠨᠡᠮᠡᠭᠳᠡᠯ ᠤᠨ ᠠᠰᠠᠭᠤᠳᠠᠯ ᠢ ᠡᠷᠡᠰ ᠬᠤᠷᠢᠭᠯᠠᠬᠤ ᠬᠡᠷᠡᠭᠲᠡᠢ᠃ ᠭᠠᠵᠠᠷ ᠰᠢᠷᠣᠢ᠂ ᠨᠤᠲᠤᠭ ᠪᠡᠯᠴᠢᠭᠡᠷ ᠤᠨ ᠵᠢᠭᠤᠷᠠᠯᠳᠤᠭᠠᠨ ᠢ ᠰᠢᠢᠳᠪᠦᠷᠢᠯᠡᠬᠦ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ︽ᠲᠠᠪᠤ ᠶᠢ ᠲᠤᠬᠢᠷᠠᠭᠤᠯᠤᠨ ᠬᠠᠮᠲᠤᠷᠠᠨ ᠬᠥᠳᠡᠯᠦᠯᠴᠡᠬᠦ︾ ᠪᠠ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠠᠵᠢᠯ ᠤᠨ ᠬᠦᠴᠦᠨ ᠢ ᠳᠣᠷᠣᠭᠰᠢ ᠪᠠᠭᠤᠯᠭᠠᠬᠤ ᠶᠢ ᠠᠬᠢᠭᠤᠯᠵᠤ᠂ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ ᠪᠦᠬᠦᠨ ᠢ ᠠᠷᠢᠯᠭᠠᠬᠤ ᠶᠢ ᠪᠠᠲᠤᠯᠠᠬᠤ ᠬᠡᠷᠡᠭᠲᠡᠢ  ᠭᠡᠵᠦ ᠴᠢᠬᠤᠯᠠᠴᠢᠯᠠᠪᠠ᠃       ᠬᠤᠷᠠᠯ ᠠᠴᠠ ᠪᠥᠬᠦ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ᠠᠮᠢ ᠠᠬᠤᠢ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠣᠭᠰᠣᠴᠠ ᠶᠢᠨ ᠠᠰᠠᠭᠤᠳᠠᠯ᠂ ᠲᠠᠨᠢᠯᠲᠠ ᠶᠢᠨ ᠠᠰᠠᠭᠤᠳᠠᠯ ᠢ ᠰᠢᠢᠳᠪᠦᠷᠢᠯᠡᠬᠦ ᠪᠠᠷ ᠪᠠᠷᠠᠬᠤ ᠦᠭᠡᠢ ᠪᠠᠰᠠ ᠦᠩᠭᠡᠨ ᠲᠠᠯ᠎ᠠ ᠶᠢᠨ ᠠᠰᠠᠭᠤᠳᠠᠯ᠂ ᠭᠦᠨ ᠳᠠᠪᠬᠤᠷᠭ᠎ᠠ ᠶᠢᠨ ᠠᠰᠠᠭᠤᠳᠠᠯ᠂ ᠲᠣᠭᠲᠠᠴᠠ ᠶᠢᠨ ᠠᠰᠠᠭᠤᠳᠠᠯ ᠢ ᠰᠢᠢᠳᠪᠦᠷᠢᠯᠡᠵᠦ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠬᠤ᠂ ᠴᠠᠭᠠᠰᠤᠨ ᠳᠡᠭᠡᠷ᠎ᠡ ᠴᠡᠭᠴᠡᠯᠡᠨ ᠰᠠᠶᠢᠵᠢᠷᠠᠭᠤᠯᠬᠤ᠂ ᠬᠠᠰᠢ ᠶᠠᠰᠢ ᠴᠡᠭᠴᠡᠯᠡᠨ ᠰᠠᠶᠢᠵᠢᠷᠠᠭᠤᠯᠬᠤ ᠶᠢ ᠡᠷᠡᠰ ᠬᠤᠷᠢᠭᠯᠠᠬᠤ ᠬᠡᠷᠡᠭᠲᠡᠢ᠃ ᠱᠠᠯᠠᠪᠳᠠᠭᠤᠯᠤᠨ ᠪᠠᠶᠢᠴᠠᠭᠠᠭᠰᠠᠨ ᠦᠭᠡᠢ ᠪᠠᠷ ᠤᠷᠢᠳ ᠢᠶᠠᠷ ᠰᠢᠢᠳᠪᠦᠷᠢᠯᠡᠬᠦ ᠶᠢ ᠲᠦᠷᠭᠡᠳᠬᠡᠵᠦ᠂ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠵᠦ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠠᠰᠠᠭᠤᠳᠠᠯ ᠢ ᠤᠷᠢᠳᠴᠢᠯᠠᠨ ᠢᠯᠡᠷᠡᠭᠦᠯᠵᠦ᠂ ᠠᠰᠠᠭᠤᠳᠠᠯ ᠢ ᠤᠷᠢᠳᠴᠢᠯᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠯᠳᠦᠭᠦᠯᠵᠦ᠂ ᠤᠰᠤ᠂ ᠬᠠᠶᠠᠭᠳᠠᠮᠠᠯ ᠪᠤᠳᠠᠰ᠂ ᠠᠭᠤᠷᠬᠠᠶ ᠪᠣᠯᠤᠨ ᠡᠯ᠎ᠡ ᠲᠥᠷᠥᠯ ᠤᠨ ᠠᠮᠢ ᠠᠬᠤᠶ ᠶᠢᠨ ᠰᠢᠰᠲ᠋ᠧᠮ ᠳᠤ ᠠᠩᠬᠠᠷᠤᠯ ᠢᠶᠠᠨ ᠲᠥᠪᠯᠡᠷᠡᠭᠦᠯᠵᠦ᠂ ︽ᠪᠥᠬᠦ ᠬᠡᠯᠬᠢᠶ᠎ᠡ︾᠎ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠦᠨᠡᠨ ᠬᠦ ᠴᠡᠭᠴᠡᠯᠡᠨ ᠰᠠᠶᠢᠵᠢᠷᠠᠭᠤᠯᠵᠤ᠂  ᠡᠷᠴᠢᠮ ᠲᠠᠢ ᠪᠡᠶᠡᠯᠡᠬᠦᠯᠦᠨ᠂ ᠳᠠᠬᠢᠨ ᠢᠯᠡᠷᠡᠬᠦ ᠥᠬᠡᠶ︾ ᠪᠠᠶᠢᠬᠤ ᠶᠢ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃       ᠬᠤᠷᠠᠯ ᠠᠴᠠ ᠪᠥᠬᠦ ᠬᠤᠰᠢᠭᠤᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠡᠵᠡᠨ ᠬᠤᠷᠤᠭ᠎ᠠ ᠬᠤᠰᠢᠭᠤᠨ ᠤ ᠬᠡᠷᠡᠭᠯᠡᠭᠡᠨ ᠤ ᠪᠠᠶᠢᠳᠠᠯ᠂ ᠠᠵᠤ ᠦᠢᠯᠡᠰ ᠤᠨ ᠢᠵᠢ ᠪᠥᠷᠢᠳᠦᠭᠦᠯᠬᠦ ᠵᠡᠷᠭᠡ ᠳᠠᠪᠠᠭᠤᠯᠢᠭ ᠢ  ᠬᠦᠢᠴᠡᠳ ᠪᠠᠳᠠᠷᠠᠭᠤᠯᠵᠤ᠂ ᠨᠢᠭᠡ ᠪᠦᠯᠦᠭ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥ ᠶᠢᠨ ᠪᠣᠳᠣᠯᠭ᠎ᠠ ᠶᠢ ᠲᠠᠰ ᠳᠡᠪᠰᠢᠭᠦᠯᠵᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠠᠲᠠᠬᠤ ᠬᠦᠴᠦᠨ ᠪᠠ ᠥᠷᠢᠰᠥᠯᠳᠦᠬᠦ ᠬᠦᠴᠦᠨ ᠢ ᠴᠢᠩᠭᠠᠳᠬᠠᠬᠤ ᠬᠡᠷᠡᠭᠲᠡᠶ᠃ ᠠᠵᠤ  ᠦᠢᠯᠡᠰ ᠤᠨ ᠤᠷᠢᠵᠤ ᠣᠷᠣᠭᠤᠯᠬᠤ ᠲᠥᠷᠥᠯ  ᠵᠤᠶᠢᠯ ᠤᠨ ᠲᠣᠭᠤᠷᠢᠨ ᠳᠤ᠂ ᠰᠢᠨ᠎ᠡ ᠡᠨᠧᠷᠭᠢ᠂ ᠨᠡᠭᠦᠷᠡᠰᠦ ᠬᠢᠮᠢ ᠶᠢᠨ ᠠᠵᠤ  ᠦᠢᠯᠡᠳᠪᠤᠷᠢ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ  ᠨᠠᠷᠢᠯᠢᠭ ᠡᠳ᠋ᠰᠢᠭᠦᠯᠬᠦ ᠵᠡᠷᠭᠡ ᠠᠵᠤ  ᠦᠢᠯᠡᠰ ᠤᠨ ᠪᠥᠬᠦ ᠬᠡᠯᠬᠢᠶ᠎ᠡ ᠶᠢᠨ ᠬᠥᠭᠵᠢᠯᠲᠡ ᠪᠣᠯᠤᠨ ᠰᠢᠨ᠎ᠡ ᠡᠨᠧᠷᠭᠢ ᠶᠢ ᠲᠤᠬᠠᠶ ᠶᠢᠨ ᠭᠠᠵᠠᠷ ᠲᠤᠨᠢ ᠰᠢᠩᠭᠡᠭᠡᠨ ᠠᠪᠬᠤ ᠶᠢ ᠠᠬᠢᠭᠤᠯᠬᠤ ᠬᠡᠷᠡᠭᠲᠡᠶ᠃ ᠢᠲᠡᠭᠡᠯ ᠵᠣᠷᠢᠭ ᠢᠶᠠᠨ ᠪᠠᠲᠤᠳᠬᠠᠨ ᠲᠥᠷᠥᠯ  ᠵᠤᠶᠢᠯ ᠢ ᠠᠳᠬᠤᠵᠤ᠂ ᠨᠥᠭᠡᠴᠡ ᠲᠥᠷᠥᠯ ᠵᠤᠶᠢᠯ ᠢ ᠴᠢᠩᠭ᠎ᠠ ᠠᠳᠬᠤᠨ ᠨᠠᠶᠢᠳᠠᠪᠤᠷᠢᠵᠢᠭᠤᠯᠵᠤ᠂ ᠲᠥᠷᠥᠯ ᠵᠤᠶᠢᠯ ᠤᠨ ᠠᠵᠢᠯ ᠢ ᠡᠬᠢᠯᠡᠭᠦᠯᠦᠨ ᠠᠬᠢᠴᠠ ᠶᠢ ᠠᠳᠬᠤᠵᠤ᠂ ᠲᠥᠷᠥᠯ ᠵᠤᠶᠢᠯ ᠢ ᠲᠣᠭᠲᠠᠭᠰᠠᠨ ᠬᠤᠭᠤᠴᠠᠭᠠᠨ ᠳᠤ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ ᠃      ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠮᠧᠩ ᠰᠤ᠋ ᠠᠵᠤ ᠠᠬᠤᠶ ᠶᠢᠨ ᠨᠡᠭᠡᠭᠡᠯᠲᠡ ᠶᠢᠨ ᠣᠷᠣᠨ᠂ ᠠᠭᠠᠷ ᠤᠨ ᠭᠠᠷᠠᠮ ᠤᠨ  ᠪᠠᠷᠠᠭᠠᠨ ᠤ ᠬᠦᠢᠯᠬᠡᠬᠡᠨ ᠤ  ᠬᠦᠢᠷᠶᠡᠯᠡᠩ ᠲᠣᠭᠤᠷᠢᠭ ᠤᠨ ᠬᠠᠮᠢᠶ᠎ᠠ ᠪᠥᠬᠦᠶ ᠤᠳᠤᠷᠢᠳᠤᠯᠭ᠎ᠠ ᠵᠢᠴᠢ ᠬᠠᠮᠢᠶ᠎ᠠ ᠪᠥᠬᠦᠶ ᠪᠠᠯᠭᠠᠰᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ  ᠤᠷᠤᠯᠴᠠᠪᠠ᠃                
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ