ᠪᠦᠬᠦ ᠤᠯᠤᠰ ᠠᠴᠠ ᠵᠠᠰᠠᠮᠠᠯ ᠵᠠᠮ ᠤᠨ ᠳᠤᠭᠤᠢ ᠲᠡᠷᠭᠡᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ ᠮᠠᠨ ᠤ ᠬᠤᠲᠠ ᠳᠤ ᠡᠬᠢᠯᠡᠪᠡ
ᠨᠡᠶᠢᠲᠡᠯᠡᠭᠰᠡᠨ ᠴᠠᠭ᠄
2024/6/18
      6 ᠰᠠᠷ᠎ᠠ ᠶᠢᠨ 17᠎ ᠤ ᠡᠳᠦᠷ᠂ ᠪᠥᠬᠦ ᠤᠯᠤᠰ ᠤᠨ ᠵᠠᠰᠠᠮᠠᠯ ᠵᠠᠮ ᠤᠨ ᠳᠤᠭᠤᠶ ᠲᠡᠷᠭᠡᠨ ᠤ ᠮᠠᠩᠯᠠᠶ ᠰᠢᠯᠭᠠᠷᠠᠭᠤᠯᠬᠤ ᠤᠷᠤᠯᠳᠤᠭᠠᠨ ᠵᠢᠴᠢ ᠪᠥᠬᠦ ᠤᠯᠤᠰ ᠤᠨ ᠵᠠᠯᠠᠭᠤᠴᠤᠳ ᠤᠨ ᠵᠠᠰᠠᠮᠠᠯ ᠵᠠᠮ ᠤᠨ ᠳᠤᠭᠤᠶ ᠲᠡᠷᠭᠡᠨ ᠤ ᠮᠠᠩᠯᠠᠶ ᠰᠢᠯᠭᠠᠷᠠᠭᠤᠯᠬᠤ ᠤᠷᠤᠯᠳᠤᠭᠠᠨ ᠤ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠰᠢᠯᠭᠠᠷᠠᠭᠤᠯᠬᠤ ᠤᠷᠤᠯᠳᠤᠭᠠᠨ ᠡᠵᠡᠨ ᠬᠤᠷᠤᠭ᠎ᠠ ᠬᠤᠰᠢᠭᠤᠨ ᠳᠤ ᠡᠬᠢᠯᠡᠪᠡ᠃ ᠤᠷᠤᠯᠳᠤᠭᠠᠨ ᠤ ᠳᠠᠯᠠᠪᠤᠷ ᠲᠤ ᠲᠠᠮᠢᠷᠴᠢᠳ ᠡᠷᠡᠯᠬᠡᠭᠯᠡᠨ ᠤᠷᠤᠭᠰᠢᠯᠠᠵᠤ᠂ ᠳᠤᠭᠤᠶ ᠤᠨᠤᠬᠤ ᠮᠡᠷᠭᠡᠵᠢᠯ ᠪᠠ ᠴᠢᠷᠮᠠᠶᠢᠨ ᠲᠡᠮᠡᠴᠡᠬᠦ ᠵᠣᠷᠢᠭ ᠰᠠᠨᠠᠭ᠎ᠠ ᠶᠢ ᠢᠯᠡᠷᠡᠭᠦᠯᠦᠭᠰᠡᠨ ᠪᠥᠭᠡᠳ ᠦᠵᠡᠭᠴᠢᠳ ᠲᠤ ︽ᠬᠤᠷᠳᠤᠴᠠ ᠪᠠ ᠣᠷᠭᠢᠯᠤᠮ᠎ᠠ ᠰᠡᠳᠬᠢᠯᠭᠡ︾᠎ ᠶᠢ ᠦᠵᠡᠭᠦᠯᠵᠡᠶ᠃ 43 ᠲᠠᠮᠢᠷᠴᠢᠨ ᠨᠠᠰᠤᠨ ᠳᠤ ᠬᠦᠷᠦᠭᠰᠡᠨ ᠡᠷᠡᠭᠲᠡᠶ ᠶᠢᠨ ᠴᠠᠭ ᠲᠡᠮᠳᠡᠭᠯᠡᠬᠦ ᠤᠷᠤᠯᠳᠤᠭᠠᠨ ᠳᠤ ᠣᠷᠣᠯᠴᠠᠵᠤ᠂ ᠰᠢᠷᠦᠭᠦᠨ ᠥᠷᠢᠰᠥᠯᠳᠦᠭᠡᠨ ᠢᠶᠠᠷ ᠳᠠᠮᠵᠢᠨ ᠱᠠᠨᠳᠦ᠋ᠩ ᠤᠨ ᠠᠩᠭᠢ ᠶᠢᠨ ᠮᠢᠶᠣᠣ ᠴᠧᠩ ᠱᠦᠤᠤ 46.21.60᠎ ᠶᠢᠨ ᠬᠢᠷᠢ ᠪᠦᠲᠦᠮᠵᠢ ᠪᠠᠷ ᠮᠠᠩᠯᠠᠶᠢᠯᠠᠪᠠ᠃      ᠣᠢᠢᠯᠠᠭᠠᠭᠰᠠᠨ ᠢᠶᠠᠷ᠂ ᠲᠤᠰ ᠤᠳᠠᠭᠠᠨ ᠤ ᠤᠷᠤᠯᠳᠤᠭᠠᠨ ᠳᠤ ᠨᠡᠶᠢᠲᠡ 15 ᠤᠷᠤᠯᠳᠤᠭᠠᠨ ᠤ ᠳᠦᠷᠦᠯ ᠢ ᠲᠣᠬᠢᠷᠠᠭᠤᠯᠵᠤ᠂ ᠤᠷᠤᠯᠳᠤᠭᠠᠨ ᠤ ᠵᠠᠮ ᠤᠨ ᠤᠷᠳᠤ ᠨᠢ 16 ᠺᠢᠯᠣᠮᠧᠳ᠋ᠷ ᠠᠴᠠ 257.3 ᠺᠢᠯᠣᠮᠧᠳ᠋ᠷ ᠪᠠᠶᠢᠳᠠᠭ᠃ ᠪᠦᠬᠦ ᠤᠯᠤᠰ ᠤᠨ 39 ᠲᠥᠯᠥᠭᠡᠯᠡᠭᠴᠢᠳ ᠤᠨ ᠠᠩᠭᠢ ᠶᠢᠨ 500 ᠰᠢᠬᠠᠮ ᠲᠠᠮᠢᠷᠴᠢᠨ ᠤᠷᠤᠯᠴᠠᠵᠤ᠂ ᠥᠪᠥᠷ ᠮᠣᠩᠭᠤᠯ ᠤᠨ ᠠᠩᠭᠢ ᠠᠴᠠ 18 ᠲᠠᠮᠢᠷᠴᠢᠨ ᠤᠷᠤᠯᠴᠠᠪᠠ᠃
98836491_640.png
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ