ᠠᠭᠢᠲᠤ ᠲᠤᠰᠬᠤᠨ ᠣᠷᠴᠢᠨ ᠲᠣᠭᠤᠷᠢᠨ ᠢ ᠴᠡᠭᠴᠡᠯᠡᠬᠦ ᠠᠵᠢᠯᠯᠠᠭ᠎ᠠ ᠶᠢ ᠡᠷᠴᠢᠮᠲᠡᠢ ᠶᠠᠪᠤᠭᠳᠠᠭᠤᠯᠵᠠᠢ
ᠨᠡᠶᠢᠲᠡᠯᠡᠭᠰᠡᠨ ᠴᠠᠭ᠄
2024/6/18
      ᠤᠯᠤᠰ ᠤᠨ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠵᠤ᠂ ᠠᠷᠢᠭᠤᠨ ᠴᠡᠪᠡᠷ᠂ ᠪᠣᠯᠪᠠᠰᠤᠨ ᠰᠠᠶᠢᠬᠠᠨ ᠣᠷᠴᠢᠨ ᠲᠣᠭᠤᠷᠢᠨ ᠢ ᠡᠭᠦᠳᠬᠦ ᠶᠢᠨ ᠲᠥᠯᠥᠭᠡ᠂ ᠣᠶᠢᠷ᠎ᠠ ᠶᠢᠨ ᠡᠳᠦᠷ᠂ ᠡᠵᠡᠨ ᠬᠤᠷᠤᠭ᠎ᠠ ᠬᠤᠰᠢᠭᠤᠨ ᠤ ᠰᠤᠪᠤᠷᠭ᠎ᠠ ᠪᠠᠯᠭᠠᠰᠤᠨ ᠤ ᠠᠭᠢᠲᠤ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠬᠥᠮᠥᠨ ᠠᠷᠠᠳ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠴᠡᠭᠴᠡᠯᠡᠵᠦ ᠵᠠᠰᠠᠬᠤ ᠠᠵᠢᠯᠯᠠᠭ᠎ᠠ ᠶᠢ ᠡᠷᠴᠢᠮᠲᠡᠢ ᠶᠠᠪᠤᠭᠳᠠᠭᠤᠯᠤᠭᠰᠠᠨ ᠪᠠᠶᠢᠨ᠎ᠠ᠃      ᠡᠨᠡ ᠵᠢᠯ ᠠᠴᠠ ᠨᠠᠭᠠᠰᠢ᠂ ᠠᠭᠢᠲᠤ ᠲᠣᠰᠬᠤᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠭᠡᠰᠢᠭᠦᠳ ᠬᠤᠰᠢᠭᠤᠴᠢ ᠵᠢᠱᠢᠶᠡᠴᠢ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠲᠣᠰᠬᠤᠨ ᠤ ᠭᠠᠳᠠᠨ᠎ᠠ ᠳᠣᠲᠣᠨ᠎ᠠ᠂ ᠵᠠᠮ ᠳᠠᠭᠠᠤ᠂ ᠲᠠᠷᠢᠶᠠᠨ ᠭᠠᠵᠠᠷ᠂ ᠭᠡᠷ ᠤᠨ ᠤᠷᠢᠳᠠᠭᠤᠷ ᠬᠤᠶᠢᠭᠤᠷ ᠵᠡᠷᠭᠡ ᠭᠠᠵᠠᠷ ᠲᠤ ᠪᠦᠭᠦ ᠬᠡᠪᠴᠢᠶᠡᠨ ᠤ ᠱᠦᠭᠦᠷᠳᠡᠯᠲᠡ ᠶᠢᠨ ᠭᠡᠯᠪᠡᠷᠢ ᠶᠢᠨ ᠪᠠᠶᠢᠴᠠᠭᠠᠯᠲᠠ ᠬᠢᠵᠦ᠂ ᠠᠴᠢᠶᠠᠨ ᠤ ᠮᠠᠰᠢᠨ ᠲᠡᠷᠭᠡ᠂ ᠴᠡᠪᠡᠷᠯᠡᠨ ᠲᠡᠭᠡᠭᠡᠪᠦᠷᠢᠯᠡᠬᠦ ᠮᠠᠰᠢᠨ ᠲᠡᠷᠭᠡ ᠵᠡᠷᠭᠡ ᠮᠠᠰᠢᠨ ᠲᠥᠬᠦᠭᠡᠷᠦᠮᠵᠢ ᠶᠢ ᠠᠰᠢᠭᠯᠠᠨ ᠪᠠᠶᠢᠴᠠᠭᠠᠵᠤ ᠭᠠᠷᠭᠠᠭᠰᠠᠨ ᠬᠤᠭ ᠨᠣᠪᠰᠢ ᠶᠢ ᠦᠳᠲᠡᠷ ᠲᠦᠷᠭᠡᠨ ᠴᠡᠪᠡᠷᠯᠡᠵᠦ ᠲᠡᠭᠡᠭᠡᠪᠦᠷᠢᠯᠡᠬᠦ ᠶᠢᠨ ᠬᠠᠮᠲᠤ ᠬᠤᠭ ᠨᠣᠪᠰᠢ ᠶᠢ ᠲᠡᠭᠦᠬᠦ᠂ ᠵᠠᠮ ᠢ ᠴᠡᠪᠡᠷᠯᠡᠨ ᠱᠦᠭᠦᠷᠳᠡᠬᠦ᠂ ᠡᠯᠳᠡᠪ ᠵᠦᠢᠯ ᠤᠨ ᠬᠠᠶᠠᠭᠳᠠᠮᠠᠯ ᠪᠣᠳᠠᠰ ᠢ ᠠᠷᠢᠭᠤᠳᠬᠠᠨ ᠴᠡᠪᠡᠷᠯᠡᠬᠦ ᠵᠡᠷᠭᠡ ᠠᠵᠢᠯᠯᠠᠭ᠎ᠠ ᠪᠠᠷ ᠳᠠᠮᠵᠢᠭᠤᠯᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠰᠠᠶᠢᠲᠤᠷ ᠬᠢᠵᠦ᠂ ᠥᠨᠴᠥᠭ ᠪᠤᠯᠤᠩ ᠪᠠ ᠣᠯᠵᠤ ᠢᠯᠡᠷᠡᠭᠦᠯᠬᠦ ᠳᠤ ᠲᠦᠪᠡᠭᠲᠡᠢ ᠭᠠᠵᠠᠷ ᠵᠡᠷᠭᠡ ᠶᠢ ᠲᠤᠶᠢᠯᠪᠤᠷᠢᠲᠠᠢ ᠴᠡᠪᠡᠷᠯᠡᠨ᠂ ᠨᠠᠷᠢᠯᠢᠭ ᠲᠠᠯ᠎ᠠ ᠠᠴᠠ ᠭᠠᠷᠳᠠᠵᠤ᠂ ᠪᠣᠳᠠᠲᠠᠢ ᠲᠡᠶᠢᠰᠢ ᠬᠦᠴᠦᠯᠡᠨ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠵᠠᠰᠠᠬᠤ ᠦᠷ᠎ᠡ ᠪᠦᠲᠦᠮᠵᠢ ᠶᠢ ᠪᠦᠳᠦᠮᠵᠢᠳᠠᠢ ᠳᠡᠭᠡᠭᠰᠢᠯᠡᠭᠦᠯᠪᠡ᠃      ᠳᠠᠷᠠᠭᠠᠴᠢ ᠶᠢᠨ ᠠᠯᠬᠤᠮ ᠳᠤ᠂ ᠠᠭᠢᠲᠤ ᠲᠣᠰᠬᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠡᠷᠡᠭᠦᠯ ᠬᠠᠮᠠᠭᠠᠯᠠᠯ ᠤᠨ ᠪᠠᠭᠤᠷᠠᠢ ᠲᠠᠯ᠎ᠠ ᠶᠢ ᠴᠢᠩᠭ᠎ᠠ ᠠᠳᠬᠤᠨ᠂ ᠲᠠᠰᠤᠷᠠᠯᠳᠡ ᠦᠭᠡᠢ ᠬᠢᠨᠠᠯᠲᠠ ᠲᠠᠯᠪᠢᠨ ᠪᠠᠶᠢᠴᠠᠭᠠᠵᠤ᠂ ᠤᠬᠠᠭᠤᠯᠤᠨ ᠵᠢᠯᠤᠭᠤᠳᠬᠤ ᠡᠷᠴᠢᠮ ᠢᠶᠠᠨ ᠴᠢᠩᠭᠠᠷᠠᠭᠤᠯᠤᠨ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠪᠠᠨ ᠲᠠᠰᠤᠷᠠᠯᠲᠠ ᠦᠭᠡᠢ ᠰᠢᠯᠢᠳᠡᠭᠵᠢᠭᠦᠯᠵᠦ᠂ ᠣᠷᠣᠨ ᠨᠤᠲᠤᠭ ᠤᠨ ᠰᠤᠷᠲᠠᠯ ᠤᠨ ᠪᠣᠯᠪᠠᠰᠤᠨ ᠪᠠ ᠬᠥᠮᠥᠨ ᠠᠷᠠᠳ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠤ ᠪᠣᠯᠪᠠᠰᠤᠨ ᠤ ᠬᠠᠮᠲᠤ ᠪᠠᠷ ᠬᠥᠭᠵᠢᠬᠦ ᠶᠢ ᠠᠬᠢᠭᠤᠯᠵᠤ᠂ ᠡᠶ᠎ᠡ ᠵᠣᠬᠢᠴᠠᠯᠳᠤ ᠦᠵᠡᠰᠬᠦᠯᠡᠩᠲᠦ ᠰᠠᠶᠢᠬᠠᠨ ᠰᠢᠶᠠᠩ ᠪᠠᠯᠭᠠᠰᠤ ᠲᠤᠰᠬᠤᠨ ᠤ ᠪᠦᠲᠦᠭᠡᠨ ᠪᠠᠶᠢᠭᠤᠯᠤᠯᠲᠠ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠬᠦ ᠪᠣᠯᠣᠨ᠎ᠠ᠃᠎ 
 31481973_微信图片_20240614162457.png
82911008_微信图片_20240614162452 7777.png
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ