6 ᠰᠠᠷ᠎ᠠ ᠶᠢᠨ 17 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠴᠢᠶᠣᠤ ᠰᠢᠶᠤᠤ ᠵᠢᠶᠦ᠋ᠨ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ 5 ᠳ᠋ᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠢ | ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ | ᠠᠰᠠᠭᠤᠳᠠᠯ ᠢ ᠴᠡᠭᠴᠡᠯᠡᠨ ᠵᠠᠰᠠᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠢ | ᠲᠤᠬᠢᠷᠠᠭᠤᠯᠤᠨ ᠪᠠᠶᠢᠷᠢᠯᠠᠭᠤᠯᠵᠠᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠶᠢᠰᠦᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ | ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠬᠦ ᠨᠢ ᠴᠢᠬᠤᠯᠠ ᠤᠯᠤᠰ ᠲᠥᠷᠥ ᠶᠢᠨ ᠡᠭᠦᠷᠭᠡ ᠪᠣᠯᠬᠤ ᠪᠠᠷ ᠪᠠᠷᠠᠬᠤ ᠥᠬᠡᠶ᠂ | ᠪᠠᠰᠠ ᠴᠤ ᠴᠢᠬᠤᠯᠠ ᠤᠯᠤᠰ ᠲᠥᠷᠥ ᠶᠢᠨ ᠬᠠᠷᠢᠭᠤᠴᠠᠯᠭ᠎ᠠ ᠮᠥᠨ᠂ ᠪᠥᠬᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠦᠵᠡᠯ ᠰᠠᠨᠠᠭᠠᠨ ᠤ ᠲᠠᠯ᠎ᠠ ᠪᠠᠷ | ᠦᠨᠡᠨᠬᠦ ᠴᠢᠬᠤᠯᠠᠴᠢᠯᠠᠵᠤ᠂ ᠡᠷᠭᠡᠪᠰᠢ ᠤᠯᠤᠰ ᠲᠥᠷᠥ ᠶᠢᠨ ᠲᠠᠯ᠎ᠠ ᠠᠴᠠ ᠬᠠᠷᠠᠵᠤ᠂ ᠤᠯᠤᠰ ᠲᠥᠷᠥ ᠶᠢᠨ ᠲᠠᠯ᠎ᠠ ᠠᠴᠠ ᠬᠢᠵᠦ᠂ ᠰᠢᠶᠠᠨ ᠤ ᠱᠠᠲᠤᠨ ᠤ | ᠤᠳᠤᠷᠢᠳᠤᠯᠭ᠎ᠠ ᠪᠠ ᠰᠠᠯᠠᠭ᠎ᠠ ᠮᠥᠴᠢᠷ ᠤᠨ ︽ᠨᠢᠭᠡᠳᠦᠭᠡᠷ ᠭᠠᠷ︾ ᠪᠡᠶ᠎ᠡ ᠪᠠᠷ ᠢᠶᠠᠨ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠱᠠᠲᠤ ᠲᠠᠷᠠᠭᠠᠯᠠᠨ | ᠰᠢᠯᠵᠢᠭᠦᠯᠦᠨ ᠲᠤᠰᠢᠶᠠᠬᠤ ᠦᠭᠡᠢ᠂ ᠪᠢᠴᠢᠭ ᠮᠠᠲ᠋ᠧᠷᠢᠶᠠᠯ ᠤᠨ ᠲᠣᠭᠯᠠᠭᠠᠮ ᠬᠢᠬᠦ ᠥᠬᠡᠶ ᠪᠠᠶᠢᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾ ᠶᠢ | ᠦᠢᠯᠡᠳᠤᠯᠬᠡᠵᠢᠬᠦᠯᠬᠦ ᠬᠡᠷᠡᠭᠲᠡᠶ᠃ ᠠᠵᠢᠯ ᠤᠨ ᠲᠠᠯ᠎ᠠ ᠪᠠᠷ ᠦᠨᠡᠨ ᠬᠦ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠯᠬᠤᠮ ᠳᠠᠷᠠᠭ᠎ᠠ ᠶᠢ ᠤᠯᠠᠮ ᠨᠢᠭᠡ | ᠠᠯᠬᠤᠮ ᠲᠣᠳᠣᠷᠬᠠᠶᠢᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ︽ᠶᠠᠭᠤ ᠪᠠᠶᠢᠪᠠᠯ ᠶᠠᠭᠤ ᠶᠢ ᠯᠠ ᠶᠠᠷᠢᠬᠤ︾ ᠪᠠᠷ ᠴᠡᠭᠴᠡᠯᠡᠨ | ᠰᠠᠶᠢᠵᠢᠷᠠᠭᠤᠯᠬᠤ ᠶᠢ ᠠᠳᠬᠤᠨ᠂ ᠨᠡᠩ ᠴᠤ ᠨᠢᠭᠡ ᠶᠢ ᠵᠤᠶᠢᠴᠢᠯᠡᠵᠦ ᠨᠦᠬᠦᠭᠡ ᠶᠢ ᠮᠡᠳᠡᠬᠦ ᠴᠡᠭᠴᠡᠯᠡᠨ ᠰᠠᠶᠢᠵᠢᠷᠠᠭᠤᠯᠤᠯᠳᠠ ᠶᠢ ᠠᠳᠬᠤᠵᠤ᠂ ᠡᠯ᠎ᠡ ᠵᠦᠢᠯ ᠤᠨ | ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠣᠪᠣᠷ ᠤᠨ ᠲᠠᠯ᠎ᠠ ᠪᠠᠷ ᠦᠨᠡᠨ ᠬᠦ ᠲᠦᠪ | ᠪᠠᠶᠢᠵᠤ᠂ ᠵᠣᠷᠢᠭᠲᠠᠢ ᠪᠠᠷ ᠬᠠᠲᠠᠭᠤ ᠲᠠᠢ ᠬᠠᠯᠳᠠᠵᠤ᠂ ᠦᠨᠡᠨ ᠬᠦ ᠬᠦᠴᠤ ᠤᠷᠤᠭᠤᠯᠤᠨ᠂ ᠲᠠᠷᠢᠬᠢ ᠪᠠᠨ ᠬᠦᠳᠡᠯᠬᠡᠵᠤ᠂ ᠠᠵᠢᠯ ᠬᠢᠨ᠂ ᠠᠰᠠᠭᠤᠳᠠᠯ ᠢ ᠪᠦᠬᠦ | ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ᠃ ᠦᠨᠡᠨ ᠬᠦ ᠢᠯᠡᠷᠬᠡᠶ ᠦᠷ᠎ᠡ ᠪᠦᠲᠦᠮᠵᠢ ᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠪᠠ ᠦᠷ᠎ᠡ ᠳ᠋ᠦᠩ ᠤᠨ ᠬᠡᠷᠡᠭᠯᠡᠯᠲᠡ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠺᠠᠳ᠋ᠷ ᠪᠣᠯᠤᠨ ᠣᠯᠠᠨ ᠲᠦᠮᠡᠨ ᠳᠤ ᠴᠡᠭᠴᠡᠯᠡᠨ ᠰᠠᠶᠢᠵᠢᠷᠠᠭᠤᠯᠤᠭᠰᠠᠨ ᠦᠷ᠎ᠡ | ᠪᠦᠲᠦᠮᠵᠢ ᠶᠢ ᠦᠨᠡᠨ ᠬᠦ ᠮᠡᠳᠡᠷᠡᠭᠦᠯᠬᠦ ᠬᠡᠷᠡᠭᠲᠡᠶ᠃ ᠲᠣᠭᠲᠠᠴᠠ ᠶᠢᠨ ᠲᠠᠯ᠎ᠠ ᠪᠠᠷ ᠦᠨᠡᠨ ᠬᠦ ᠲᠤᠰᠠᠲᠠᠢ ᠪᠠᠶᠢᠵᠤ᠂ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠶᠢ ᠳᠤᠲᠠᠭᠤᠳᠠᠯ ᠢ ᠨᠥᠬᠦᠪᠥᠷᠢᠯᠡᠬᠦ᠂ ᠪᠠᠭᠤᠷᠠᠢ ᠲᠠᠯ᠎ᠠ ᠶᠢ ᠬᠦᠴᠦᠷᠬᠡᠭᠵᠢᠭᠦᠯᠬᠦ᠂ ᠳᠡᠭᠡᠭᠰᠢᠯᠡᠭᠦᠯᠬᠦ ᠶᠢ ᠠᠬᠢᠭᠤᠯᠬᠤ ᠶᠠᠪᠤᠴᠠ ᠪᠣᠯᠭᠠᠵᠤ᠂ | ᠲᠦᠷᠢᠮ ᠤᠨ ︽ᠬᠦᠴᠦᠨ ᠦᠭᠡᠢ ᠪᠣᠯᠭᠠᠬᠤ᠂ ᠥᠭᠡᠷᠡᠴᠢᠯᠡᠬᠦ᠂ ᠪᠠᠶᠢᠭᠤᠯᠬᠤ︾ ᠶᠢ ᠰᠠᠶᠢᠲᠤᠷ ᠬᠢᠵᠦ᠂ ᠠᠯᠳᠠᠰᠢ ᠭᠠᠷᠬᠤ ᠶᠢ ᠲᠦᠢᠯᠪᠤᠷᠢᠲᠠᠢ ᠬᠤᠷᠢᠭᠯᠠᠬᠤ ᠬᠡᠷᠡᠭᠲᠡᠢ | ᠬᠡᠰᠡᠨ ᠪᠠᠶᠢᠨ᠎ᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ | ᠪᠣᠯ ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ᠃ ᠬᠠᠳᠠᠭᠠᠯᠠᠯᠲᠠ ᠶᠢᠨ ᠬᠡᠮᠵᠢᠶ᠎ᠡ ᠶᠢ ᠬᠦᠴᠦᠯᠡᠨ ᠪᠠᠭᠠᠰᠬᠠᠵᠤ᠂ ᠦᠯᠡᠳᠡᠭᠰᠡᠨ ᠠᠰᠠᠭᠤᠳᠠᠯ ᠢ ᠪᠥᠬᠦ | ᠬᠦᠴᠦᠨ ᠢᠶᠠᠷ ᠢᠶᠠᠨ ᠴᠡᠭᠴᠡᠯᠡᠨ ᠰᠠᠶᠢᠵᠢᠷᠠᠭᠤᠯᠵᠤ᠂ ᠦᠷ᠎ᠡ ᠪᠦᠲᠦᠮᠵᠢ ᠭᠠᠷᠭᠠᠨ᠂ ᠲᠦᠷᠭᠡᠨ ᠪᠡᠶᠡᠯᠡᠬᠦᠯᠵᠦ ᠴᠢᠳᠠᠬᠤ ᠶᠢ ᠨᠢ ᠲᠦᠷᠭᠡᠨ ᠪᠡᠶᠡᠯᠡᠬᠦᠯᠬᠦ ᠬᠡᠷᠡᠭᠲᠡᠶ᠃ | ᠨᠡᠮᠡᠭᠳᠡᠯ ᠢ ᠬᠦᠴᠦᠯᠡᠨ ᠬᠤᠷᠢᠭᠯᠠᠵᠤ᠂ ᠪᠣᠭᠤᠮᠲᠠ ᠶᠢ ᠤᠷᠤᠭᠰᠢ ᠰᠢᠯᠵᠢᠭᠦᠯᠬᠦ᠂ ᠭᠤᠣᠯᠳᠠᠯᠭ᠎ᠠ ᠶᠢ ᠳᠣᠷᠣᠭᠰᠢ ᠰᠢᠯᠵᠢᠭᠦᠯᠬᠦ ᠶᠢ ᠪᠠᠷᠢᠮᠲᠠᠯᠠᠵᠤ᠂ ᠠᠰᠠᠭᠤᠳᠠᠯ ᠢ | ᠳᠠᠷᠦ᠋ᠢᠬᠠᠨ ᠰᠢᠢᠳᠪᠦᠷᠢᠯᠡᠬᠦ ᠬᠡᠷᠡᠭᠲᠡᠢ᠃ ᠪᠠᠶᠢᠩᠭᠤ ᠵᠠᠰᠠᠬᠤ ᠶᠢ ᠬᠦᠴᠦᠯᠡᠨ ᠠᠳᠬᠤᠵᠤ᠂ ︽ᠢᠯᠵᠠᠷᠡᠯ ᠢ ᠡᠰᠡᠷᠭᠦᠴᠡᠵᠦ᠂ ᠲᠥᠪ ᠪᠤᠰᠤ ᠰᠤᠷᠲᠠᠯ ᠢ ᠵᠠᠯᠠᠷᠠᠭᠤᠯᠬᠤ︾ | ᠶᠢ ᠦᠨᠡᠨ ᠬᠦ ᠪᠡᠶᠡᠯᠡᠭᠦᠯᠵᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠢ ᠡᠷᠡᠰ ᠵᠠᠯᠠᠷᠠᠭᠤᠯᠬᠤ ᠬᠡᠷᠡᠭᠲᠡᠢ ᠬᠡᠪᠡ᠃ | ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠮᠧᠩ ᠰᠤ᠋ ᠠᠵᠤ ᠠᠬᠤᠶ ᠶᠢᠨ ᠨᠡᠭᠡᠭᠡᠯᠲᠡ ᠶᠢᠨ ᠣᠷᠣᠨ᠂ ᠠᠭᠠᠷ ᠤᠨ ᠭᠠᠷᠠᠮ ᠤᠨ ᠪᠠᠷᠠᠭᠠᠨ ᠤ | ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠬᠠᠮᠢᠶ᠎ᠠ ᠪᠥᠬᠦᠶ ᠤᠳᠤᠷᠢᠳᠤᠯᠭ᠎ᠠ ᠵᠢᠴᠢ ᠡᠯ᠎ᠡ ᠪᠠᠯᠭᠠᠰᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | |