ᠴᠢᠶᠣᠤ ᠰᠢᠶᠣᠤ ᠵᠢᠶᠦ᠋ᠨ ᠺᠤᠸᠠᠩ ᠲᠢᠩ ᠶᠦᠨ ᠠᠺᠠᠳᠧᠮᠢᠴᠢ ᠶᠢᠨ ᠪᠦᠯᠬᠦᠮ ᠲᠠᠢ ᠲᠥᠷᠥᠯ ᠵᠤᠶᠢᠯ ᠤᠨ ᠬᠠᠮᠲᠤᠷᠠᠯᠴᠠᠭᠠᠨ ᠤ ᠤᠴᠢᠷ ᠶᠠᠪᠤᠳᠠᠯ ᠢ  ᠵᠤᠯᠭᠠᠭᠤᠯᠪᠠ
ᠨᠡᠶᠢᠲᠡᠯᠡᠭᠰᠡᠨ ᠴᠠᠭ᠄
2024/6/19
      6 ᠳ᠋ᠤᠭᠠᠷ ᠰᠠᠷ᠎ᠠ ᠶᠢᠨ 18᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠴᠢᠶᠣᠤ ᠰᠢᠶᠣᠤ ᠵᠢᠶᠦ᠋ᠨ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠷᠭᠤᠮᠠᠯ  ᠤᠨ ᠰᠤᠳᠤᠯᠭᠠᠨ ᠤ ᠭᠠᠵᠠᠷ ᠤᠨ ᠰᠤᠳᠤᠯᠤᠭᠴᠢ ᠺᠤᠸᠠᠩ ᠲᠢᠩ ᠶᠦᠨ ᠨᠠᠷ ᠲᠥᠷᠥᠯ ᠵᠤᠶᠢᠯ ᠤᠨ ᠬᠠᠮᠲᠤᠷᠠᠯᠴᠠᠭᠠᠨ ᠤ ᠤᠴᠢᠷ ᠶᠠᠪᠤᠳᠠᠯ ᠢ ᠵᠤᠯᠭᠠᠭᠤᠯᠤᠭᠰᠠᠨ ᠪᠠᠶᠢᠨ᠎ᠠ᠃       ᠺᠤᠸᠠᠩ ᠲᠢᠩ ᠶᠦᠨ ᠠᠺᠠᠳᠧᠮᠢᠴᠢ ᠰᠤᠳᠤᠯᠭᠠᠨ ᠤ ᠴᠢᠭᠯᠡᠯ ᠪᠣᠯᠤᠨ ᠲᠥᠷᠥᠯ  ᠵᠤᠶᠢᠯ ᠤᠨ ᠦᠨᠳᠦᠰᠦᠨ ᠪᠠᠶᠢᠳᠠᠯ ᠢ ᠲᠠᠨᠢᠯᠴᠠᠭᠤᠯᠪᠠ᠃ ᠲᠡᠷᠡ ᠢᠯᠡᠷᠬᠡᠶᠢᠯᠡᠬᠦ ᠳᠡᠭᠡᠨ᠂ ᠪᠦᠯᠬᠦᠮ ᠨᠡᠶᠢᠲᠡ ᠶᠢᠨ ᠴᠢᠳᠠᠪᠤᠷᠢᠲᠠᠨ᠂ ᠮᠡᠷᠭᠡᠵᠢᠯ ᠤᠨ ᠳᠠᠪᠠᠭᠤᠯᠢᠭ ᠢ ᠪᠥᠬᠦ ᠲᠠᠯ᠎ᠠ ᠪᠠᠷ ᠡᠮᠬᠢᠯᠡᠨ ᠨᠡᠶᠢᠯᠡᠭᠦᠯᠵᠦ᠂  ᠬᠤᠵᠢᠷᠯᠢᠭ ᠭᠠᠵᠠᠷ ᠢ ᠰᠠᠶᠢᠵᠢᠷᠠᠭᠤᠯᠬᠤ ᠪᠠ ᠠᠰᠢᠭᠯᠠᠬᠤ᠂ ᠤᠭᠤᠷᠠᠭ ᠶᠡᠬᠡᠲᠡᠶ ᠡᠪᠡᠰᠦ ᠪᠣᠷᠳᠤᠭ᠎ᠠ ᠶᠢ ᠪᠤᠶᠢᠵᠢᠭᠤᠯᠬᠤ ᠪᠠ ᠠᠵᠤ ᠦᠶᠢᠯᠡᠰᠵᠢᠯᠲᠡ ᠶᠢᠨ ᠵᠢᠱᠢᠶ᠎ᠡ ᠦᠵᠡᠭᠦᠯᠬᠦ᠂ ᠤᠶᠤᠨᠴᠢᠯᠠᠭᠰᠠᠨ ᠠᠦ᠋ᠲ᠋ᠣᠴᠢᠯᠠᠭᠰᠠᠨ ᠤᠷᠭᠤᠮᠠᠯ ᠤᠨ  ᠦᠢᠯᠡᠳᠪᠤᠷᠢ ᠶᠢᠨ ᠪᠥᠲᠥᠭᠡᠨ ᠪᠠᠶᠢᠭᠤᠯᠤᠯᠲᠠ ᠵᠡᠷᠭᠡ ᠲᠠᠯ᠎ᠠ ᠪᠠᠷ ᠣᠷᠣᠨ ᠨᠤᠲᠤᠭ ᠤᠨ ᠵᠠᠰᠠᠭ ᠤᠨ ᠣᠷᠳᠣᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠲᠠᠢ ᠭᠦᠨᠵᠡᠭᠡᠶ ᠬᠠᠮᠲᠤᠷᠠᠯᠴᠠᠵᠤ᠂ ᠨᠠᠩ ᠣᠯᠠᠨ ᠬᠤᠰᠢᠭᠤᠷᠠᠯ ᠰᠢᠨᠵᠢᠯᠡᠬᠦ ᠤᠬᠠᠭᠠᠨ ᠮᠡᠷᠭᠡᠵᠢᠯ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠡᠵᠡᠨ ᠬᠤᠷᠤᠭ᠎ᠠ ᠬᠤᠰᠢᠭᠤᠨ ᠳᠤ  ᠬᠤᠪᠢᠷᠠᠭᠤᠯᠤᠨ ᠠᠰᠢᠭᠯᠠᠬᠤ ᠶᠢ ᠠᠬᠢᠭᠤᠯᠤᠨ᠎ᠠ ᠭᠡᠵᠡᠶ᠃      ᠴᠢᠶᠣᠤ ᠰᠢᠶᠣᠤ ᠵᠢᠶᠦ᠋ᠨ ᠠᠴᠠ ᠺᠤᠸᠠᠩ ᠲᠢᠩ ᠶᠦᠨ ᠠᠺᠠᠳᠧᠮᠢᠴᠢ ᠶᠢᠨ ᠪᠦᠯᠬᠦᠮ ᠤᠨ ᠬᠢᠨ ᠤ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠺᠤᠸᠠᠩ ᠲᠢᠩ ᠶᠦᠨ ᠠᠺᠠᠳᠧᠮᠢᠴᠢ ᠶᠢᠨ ᠪᠦᠯᠬᠦᠮ ᠪᠣᠯᠤᠨ ᠣᠷᠳᠣᠰ ᠬᠤᠲᠠ ᠶᠢᠨ ᠤᠯᠠᠭᠠᠨ ᠬᠥᠭᠵᠢᠭᠦᠯᠦᠯᠲᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠯᠤᠭ᠎ᠠ ᠶᠢᠨ ᠬᠠᠮᠲᠤᠷᠠᠯᠴᠠᠭ᠎ᠠ ᠪᠣᠯ ᠰᠢᠨᠵᠢᠯᠡᠬᠦ ᠤᠬᠠᠭᠠᠨᠲᠠᠨ ᠪᠣᠯᠤᠨ ᠠᠵᠤ ᠠᠬᠤᠶᠢᠯᠠᠯᠲᠠᠨ ᠤ ︽ᠭᠠᠷ ᠠᠳᠬᠤᠬᠤ︾ ᠠᠵᠢᠯᠯᠠᠭ᠎ᠠ ᠶᠢᠨ ᠠᠮᠢᠳᠤᠯᠢᠭ ᠦᠢᠯᠡᠳᠤᠯᠬᠡ ᠪᠣᠯᠤᠨ᠎ᠠ᠂ ᠡᠵᠡᠨ ᠬᠤᠷᠤᠭ᠎ᠠ ᠬᠤᠰᠢᠭᠤ ᠰᠢᠨᠵᠢᠯᠡᠬᠦ ᠤᠬᠠᠭᠠᠨᠲᠠᠨ᠂ ᠠᠵᠤ ᠠᠬᠤᠶᠢᠯᠠᠯᠲᠠᠨ ᠳᠤ ᠨᠢᠭᠡᠳ ᠨᠢᠭᠡ ᠪᠠᠷ ᠬᠠᠷᠢᠭᠤᠴᠠᠬᠤ᠂  ᠲᠠᠩᠰᠠᠴᠢᠯᠠᠭᠰᠠᠨ ᠦᠢᠯᠡᠴᠢᠯᠡᠭᠡ ᠬᠠᠩᠭᠠᠵᠤ᠂ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠪᠠ ᠰᠠᠭᠤᠷᠢ ᠲᠥᠬᠦᠷᠵᠢᠭᠦᠯᠦᠯᠲᠡ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠺᠠᠳᠧᠮᠢᠴᠢ ᠶᠢᠨ ᠠᠵᠢᠯ ᠤᠨ ᠥᠷᠲᠡᠭᠡ ᠪᠠ ᠤᠷᠭᠤᠮᠠᠯ ᠤᠨ ᠦᠢᠯᠡᠳᠪᠤᠷᠢ ᠵᠡᠷᠭᠡ ᠲᠥᠷᠥᠯ ᠵᠤᠶᠢᠯ ᠢ ᠨᠤᠳᠤᠭᠰᠢᠭᠤᠯᠤᠨ ᠪᠥᠲᠥᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ ᠡᠷᠲᠡᠬᠡᠨ ᠵᠢᠱᠢᠶ᠎ᠡ ᠦᠵᠡᠭᠦᠯᠦᠨ ᠳᠠᠶᠢᠴᠢᠯᠠᠬᠤ  ᠦᠢᠯᠡᠳᠤᠯ ᠢᠶᠠᠨ ᠪᠠᠳᠠᠷᠠᠭᠤᠯᠤᠨ᠎ᠠ ᠭᠡᠪᠡ᠃       ᠬᠤᠰᠢᠭᠤᠨ ᠤ ᠤᠳᠤᠷᠢᠳᠤᠯᠭ᠎ᠠ ᠯᠢᠦ ᠰᠢᠶᠣᠤ ᠳ᠋ᠦᠩ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠣᠷᠣᠯᠴᠠᠪᠠ᠃             
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ