ᠡᠵᠡᠨ ᠬᠤᠷᠤᠭ᠎ᠠ ᠬᠤᠰᠢᠭᠤᠨ ᠤ ᠤᠯᠠᠭᠠᠨᠮᠦ᠋ᠴᠢᠷ ᠦᠨᠳᠦᠰᠦᠨ ᠱᠠᠳᠤᠨ ᠳᠤ ᠬᠦᠨᠵᠡᠬᠡᠶᠢᠷᠡᠨ᠎ᠠ
ᠨᠡᠶᠢᠲᠡᠯᠡᠭᠰᠡᠨ ᠴᠠᠭ᠄
2024/6/19
      6 ᠰᠠᠷ᠎ᠠ ᠶᠢᠨ 17᠎ ᠤ ᠡᠳᠦᠷ᠂ ᠡᠵᠡᠨ ᠬᠤᠷᠤᠭ᠎ᠠ ᠬᠤᠰᠢᠭᠤᠨ ᠤ ᠤᠯᠠᠭᠠᠨᠮᠦ᠋ᠴᠢᠷ ᠡᠵᠡᠨ ᠬᠤᠷᠤᠭ᠎ᠠ ᠬᠤᠰᠢᠭᠤᠨ ᠤ ᠠᠨ ᠺᠠᠩ ᠠᠰᠠᠷᠠᠨ ᠰᠤᠪᠢᠯᠠᠬᠤ ᠬᠦᠷᠢᠶᠡᠯᠡᠩ ᠳᠤ ᠬᠦᠷᠴᠤ ︽2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠦ᠋ᠴᠢᠷ ᠤᠨ ᠰᠠᠷ᠎ᠠ︾᠎ ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠳᠤ ᠬᠤᠤᠰᠯᠠᠯ ᠳᠠᠭᠤᠤ᠂ ᠭᠤᠴᠣᠯᠠᠯ ᠳᠠᠭᠤᠤ᠂ ᠮᠣᠷᠢᠨ ᠬᠤᠭᠤᠷ ᠤᠨ ᠨᠠᠶᠢᠷᠠᠯ ᠬᠦᠭᠵᠢᠮ ᠵᠡᠷᠭᠡ ᠲᠣᠭᠯᠠᠯᠲᠠ ᠨᠤᠭᠤᠳ ᠢ ᠳᠠᠷᠠᠭᠠᠯᠠᠨ ᠲᠣᠭᠯᠠᠪᠠ᠃ ᠳᠤᠬᠠᠢ ᠶᠢᠨ ᠴᠠᠬ ᠲᠤ᠂ ᠤᠯᠠᠭᠠᠨᠮᠦ᠋ᠴᠢᠷ ᠤᠨ ᠭᠡᠰᠢᠭᠦᠳ ᠨᠠᠰᠤᠲᠠᠶᠢᠴᠤᠳ ᠲᠠᠢ ᠳᠣᠲᠣᠨᠣ ᠪᠠᠷ ᠶᠠᠷᠢᠯᠴᠠᠨ ᠨᠠᠰᠤᠳᠠᠶᠢᠴᠤᠳ ᠲᠠᠢ ᠬᠠᠮᠲᠤ ᠰᠣᠩᠭᠤᠳᠠᠭ ᠳᠠᠭᠤᠤ ᠳᠠᠭᠤᠯᠠᠵᠤ᠂ ᠲᠤᠬᠠᠶ ᠶᠢᠨ ᠲᠠᠯᠠᠪᠠᠢ ᠶᠢᠨ ᠠᠭᠤᠷ ᠠᠮᠢᠰᠬᠤᠯ ᠢ ᠦᠳᠬᠡᠷᠡᠬᠦᠯᠵᠤ᠂ ᠨᠠᠰᠤᠲᠠᠶᠢᠴᠤᠳ ᠲᠤ ᠨᠡᠶᠢᠭᠡᠮ ᠨᠡᠶᠢᠳᠡ ᠶᠢᠨ ᠬᠠᠶᠢᠷ᠎ᠠ ᠬᠠᠯᠠᠮᠵᠢ ᠶᠢ ᠮᠡᠳᠡᠷᠡᠭᠦᠯᠪᠡ᠃      ᠠᠵᠢᠯᠯᠠᠭ᠎ᠠ ᠨᠢ ᠨᠠᠮ ᠵᠠᠰᠠᠬ ᠤᠨ ᠬᠠᠶᠢᠷ᠎ᠡ ᠬᠠᠯᠠᠮᠵᠢ ᠶᠢ ᠳᠠᠮᠵᠢᠭᠤᠯᠵᠤ᠂ ᠤᠯᠠᠭᠠᠨᠮᠦ᠋ᠴᠢᠷ ᠤᠨ ᠭᠡᠰᠢᠭᠦᠳ ᠪᠣᠳᠠᠲᠤ ᠠᠵᠢᠯᠯᠠᠭ᠎ᠠ ᠪᠠᠷ ᠢᠶᠠᠨ ︽ᠠᠷᠠᠳ ᠲᠦᠮᠡᠨ ᠤ ᠳᠤᠮᠳᠠ ᠣᠴᠢᠬᠤ︾ ᠠᠮᠠᠯᠠᠯᠲᠠ ᠪᠠᠨ ᠦᠢᠯᠡᠳᠦᠯᠭᠡᠵᠢᠭᠦᠯᠵᠦ᠂ ᠰᠣᠶᠣᠯ ᠤᠨ ᠦᠢᠯᠡᠰ ᠤᠨ ᠬᠥᠭᠵᠢᠯ ᠴᠡᠴᠡᠭᠯᠡᠯ ᠢ ᠠᠬᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃
48650234_1718631405386021477 1111.jpg
57081976_1718631405937097529 222.jpg
3333.jpg
444.jpg
66.jpg
777.jpg
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ