6 ᠰᠠᠷ᠎ᠠ ᠶᠢᠨ 15 ᠤ ᠡᠳᠦᠷ᠂ ︽ᠬᠥᠭᠵᠢᠮᠲᠦ ᠪᠡᠶ᠎ᠡ ᠶᠢᠨ ᠲᠠᠮᠢᠷ᠂ ᠵᠣᠯ ᠵᠢᠷᠭᠠᠯᠲᠤ ᠠᠮᠢᠳᠤᠷᠠᠯ︾ ᠢᠶᠠᠷ ᠭᠤᠣᠯ ᠰᠡᠳᠦᠪ ᠪᠣᠯᠭᠠᠭᠰᠠᠨ᠂ ᠡᠵᠡᠨ ᠬᠤᠷᠤᠭ᠎ᠠ | ᠬᠤᠰᠢᠭᠤᠨ ᠤ 30 ᠳ᠋ᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠦᠨᠳᠦ ᠬᠥᠩᠭᠡᠨ ᠪᠡᠶ᠎ᠡ ᠶᠢᠨ ᠲᠠᠮᠢᠷ ᠤᠨ ᠤᠷᠤᠯᠳᠤᠭᠠᠨ᠂ | ᠣᠷᠳᠣᠰ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠡᠵᠡᠨ ᠬᠤᠷᠤᠭ᠎ᠠ ᠳᠠᠬᠢ ᠰᠤᠷᠭᠠᠭᠤᠯᠢ ᠶᠢᠨ ᠲᠣᠭᠤᠷᠢᠭ ᠤᠨ ᠬᠦᠨᠳᠦ ᠬᠥᠩᠭᠡᠨ ᠪᠡᠶ᠎ᠡ ᠶᠢᠨ | ᠲᠠᠮᠢᠷ ᠤᠨ ᠲᠠᠯᠠᠪᠠᠢ ᠳᠤ ᠶᠠᠪᠤᠭᠳᠠᠪᠠ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠬᠢᠨᠠᠭᠴᠢᠳ᠂ ᠲᠠᠮᠢᠷᠴᠢᠳ ᠴᠤᠭ ᠰᠦᠯᠳᠡ ᠲᠠᠢ ᠪᠠᠷ ᠲᠠᠯᠠᠪᠠᠶ ᠳᠤ ᠤᠷᠤᠵᠤ᠂ ᠡᠯ᠎ᠡ ᠵᠤᠶᠢᠯ ᠤᠨ ᠵᠢᠭᠰᠠᠭᠠᠯ ᠠᠴᠠ | ᠭᠠᠳᠠᠨ᠎ᠠ᠂ ᠲᠠᠮᠢᠷᠴᠢᠳ ᠭᠤᠶᠢᠳᠠ ᠰᠠᠶᠢᠬᠠᠨ ᠵᠢᠭᠰᠠᠭᠠᠯ ᠤᠨ ᠲᠣᠭᠯᠠᠯᠲᠠ ᠪᠠᠨ ᠲᠡᠪᠰᠢᠬᠦᠯᠵᠦ᠂ ᠲᠤᠬᠠᠶ ᠶᠢᠨ ᠲᠠᠯᠠᠪᠠᠶ ᠳᠤ ᠪᠠᠰᠠ ᠬᠤᠰᠢᠭᠤᠨ ᠤ ᠮᠣᠩᠭᠤᠯ | ᠦᠨᠳᠦᠰᠦᠲᠡᠨ ᠤ ᠪᠠᠭ᠎ᠠ ᠰᠤᠷᠭᠠᠭᠤᠯᠢ᠂ ᠲᠠᠪᠤᠳᠤᠭᠠᠷ ᠪᠠᠭ᠎ᠠ ᠰᠤᠷᠭᠠᠭᠤᠯᠢ᠂ ᠭᠤᠷᠪᠠᠳᠤᠭᠠᠷ ᠪᠠᠭ᠎ᠠ ᠰᠤᠷᠭᠠᠭᠤᠯᠢ᠂ ᠳᠥᠷᠪᠡᠳᠦᠭᠡᠷ ᠪᠠᠭ᠎ᠠ ᠰᠤᠷᠭᠠᠭᠤᠯᠢ ᠵᠢᠴᠢ | ᠤᠯᠠᠭᠠᠨᠮᠥ᠋ᠴᠢᠷ ᠤᠨ ᠲᠤᠭᠯᠠᠭᠴᠢᠳ ᠠᠴᠠ ᠳᠠᠭᠤᠤ ᠪᠥᠵᠢᠭ ᠤᠨ ᠲᠣᠭᠯᠠᠯᠲᠠ ᠭᠠᠷᠭᠠᠵᠤ᠂ ᠲᠠᠮᠢᠷᠴᠢᠳ ᠲᠤ ᠬᠦᠴᠦ ᠨᠡᠮᠡᠷᠢᠯᠡᠪᠡ᠃ | ᠲᠣᠰ ᠤᠳᠠᠭᠠᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ 27 ᠲᠥᠯᠥᠭᠡᠯᠡᠭᠴᠢᠳ ᠤᠨ ᠠᠩᠭᠢ ᠶᠢᠨ | 485 ᠲᠠᠮᠢᠷᠴᠢᠨ ᠪᠠᠭᠠᠴᠤᠳ ᠤᠨ ᠬᠥᠬᠡᠭᠴᠢᠨ ᠳᠤᠭᠤᠶᠢᠯᠠᠩ ︵ᠪᠥᠬᠦ ᠬᠤᠰᠢᠭᠤᠨ ᠤ ᠡᠯ᠎ᠡ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ︶᠂ ᠬᠡᠤᠬᠡᠳ ᠤᠨ ᠬᠥᠬᠡ | ᠳᠤᠭᠤᠶᠢᠯᠠᠩ ︵ᠪᠥᠬᠦ ᠬᠤᠰᠢᠭᠤᠨ ᠤ ᠡᠯ᠎ᠡ ᠪᠠᠭ᠎ᠠ ᠰᠤᠷᠭᠠᠭᠤᠯᠢ︶ ᠤᠨ 22 ᠤᠷᠤᠯᠳᠤᠭᠠᠨ ᠤ ᠲᠦᠷᠤᠯ ᠵᠤᠶᠢᠯ ᠳᠤ ᠤᠷᠤᠯᠴᠠᠭᠰᠠᠨ ᠪᠠᠶᠢᠨ᠎ᠠ᠃ | |