2024 ᠣᠨ ᠤ ᠪᠥᠬᠦ ᠤᠯᠤᠰ ᠤᠨ ᠵᠠᠰᠠᠮᠠᠯ ᠵᠠᠮ ᠤᠨ ᠳᠤᠭᠤᠶ ᠲᠡᠷᠭᠡᠨ ᠤ ᠮᠠᠩᠯᠠᠶ ᠰᠢᠯᠭᠠᠷᠠᠭᠤᠯᠬᠤ ᠤᠷᠤᠯᠳᠤᠭᠠᠨ ᠵᠢᠴᠢ ᠪᠥᠬᠦ ᠤᠯᠤᠰ ᠤᠨ ᠵᠠᠯᠠᠭᠤᠴᠤᠳ ᠤᠨ ᠵᠠᠰᠠᠮᠠᠯ ᠵᠠᠮ ᠤᠨ ᠳᠤᠭᠤᠶ ᠲᠡᠷᠭᠡᠨ ᠤ ᠮᠠᠩᠯᠠᠶ ᠰᠢᠯᠭᠠᠷᠠᠭᠤᠯᠬᠤ ᠤᠷᠤᠯᠳᠤᠭᠠᠨ ᠤ ᠫᠠᠷᠢᠰ ᠤᠨ ᠣᠯᠢᠮᠫᠢᠺ ᠤᠨ ᠴᠤᠭᠯᠠᠭᠠᠨ ᠤ ᠰᠢᠯᠭᠠᠷᠠᠭᠤᠯᠬᠤ ᠤᠷᠤᠯᠳᠤᠭᠠᠨ ︵ᠣᠷᠳᠣᠰ︶᠎ ᠤ ᠡᠬᠢᠯᠡᠯᠳᠡ ᠶᠢᠨ ᠶᠤᠰᠤᠯᠠᠯ ᠡᠵᠡᠨ ᠬᠤᠷᠤᠭ᠎ᠠ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2024/6/20
      6 ᠰᠠᠷ᠎ᠠ ᠶᠢᠨ 19᠎ ᠤ ᠡᠳᠦᠷ᠂ 2024 ᠣᠨ ᠤ ᠪᠥᠬᠦ ᠤᠯᠤᠰ ᠤᠨ ᠵᠠᠰᠠᠮᠠᠯ ᠵᠠᠮ ᠤᠨ ᠳᠤᠭᠤᠶ ᠲᠡᠷᠭᠡᠨ ᠤ ᠮᠠᠩᠯᠠᠶ ᠰᠢᠯᠭᠠᠷᠠᠭᠤᠯᠬᠤ ᠤᠷᠤᠯᠳᠤᠭᠠᠨ ᠵᠢᠴᠢ ᠪᠥᠬᠦ ᠤᠯᠤᠰ ᠤᠨ ᠵᠠᠯᠠᠭᠤᠴᠤᠳ ᠤᠨ ᠵᠠᠰᠠᠮᠠᠯ ᠵᠠᠮ ᠤᠨ ᠳᠤᠭᠤᠶ ᠲᠡᠷᠭᠡᠨ ᠤ ᠮᠠᠩᠯᠠᠶ ᠰᠢᠯᠭᠠᠷᠠᠭᠤᠯᠬᠤ ᠤᠷᠤᠯᠳᠤᠭᠠᠨ ᠤ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠰᠢᠯᠭᠠᠷᠠᠭᠤᠯᠬᠤ ᠤᠷᠤᠯᠳᠤᠭᠠᠨ ︵ᠣᠷᠳᠣᠰ︶᠎ ᠤ ᠡᠬᠢᠯᠡᠯᠳᠡ ᠶᠢᠨ ᠶᠤᠰᠤᠯᠠᠯ ᠡᠵᠡᠨ ᠬᠤᠷᠤᠭ᠎ᠠ ᠬᠤᠰᠢᠭᠤᠨ ᠳᠤ ᠶᠠᠪᠤᠭᠳᠠᠪᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠵᠧᠩ ᠢᠦᠶ ᠶᠤᠰᠤᠯᠠᠯ ᠡᠬᠢᠯᠡᠭᠰᠡᠨ ᠢ ᠵᠠᠷᠯᠠᠵᠤ᠂ ᠳᠤᠮᠳᠠᠳᠤ ᠤᠯᠤᠰ ᠤᠨ ᠳᠤᠭᠤᠶ ᠲᠡᠷᠭᠡᠨ ᠤ ᠬᠥᠳᠡᠯᠭᠡᠭᠡᠨ ᠤ ᠨᠡᠶᠢᠭᠡᠮᠯᠢᠭ ᠤᠨ ᠳᠡᠳ᠋ ᠨᠠᠷᠢᠨ ᠪᠢᠴᠢᠭ ᠤᠨ ᠳᠠᠷᠤᠭ᠎ᠠ ᠰᠦᠨ ᠯᠢᠶᠠᠨ ᠪᠢᠨ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠳᠤᠭᠤᠶ ᠲᠡᠷᠭᠡᠨ ᠤ ᠰᠡᠯᠡᠮ᠎ᠡ ᠶᠢᠨ ᠲᠡᠮᠡᠴᠡᠭᠡᠨ ᠤ ᠬᠠᠮᠢᠶᠠᠷᠤᠯᠲᠠ ᠶᠢᠨ ᠲᠥᠪ ᠤᠨ ᠬᠥᠭᠡᠷᠦᠭᠦᠯᠬᠦ ᠡᠮ ᠢ ᠡᠰᠡᠷᠭᠦᠴᠡᠬᠦ ᠠᠯᠪᠠᠨ ᠬᠡᠷ ᠤᠨ ᠡᠷᠬᠢᠯᠡᠭᠴᠢ ᠨᠢᠦ ᠬᠤᠩ ᠡᠬᠢᠯᠡᠯᠳᠡ ᠶᠢᠨ ᠶᠤᠰᠤᠯᠠᠯ ᠳᠤ ᠤᠷᠤᠯᠴᠠᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠧᠨ ᠬᠤᠸᠠ ᠬᠤᠷᠠᠯ ᠳᠤ ᠤᠷᠤᠯᠴᠠᠨ ᠪᠠᠶᠠᠷ ᠤᠨ ᠦᠭᠡ ᠬᠡᠯᠡᠵᠡᠶ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠴᠢᠶᠣᠤ ᠰᠢᠶᠤᠤ ᠵᠢᠶᠦ᠋ᠨ ᠡᠬᠢᠯᠡᠯᠲᠡ ᠶᠢᠨ ᠶᠣᠰᠣᠯᠠᠯ ᠢ ᠡᠷᠭᠢᠯᠡᠪᠡ᠃      ᠵᠧᠨ ᠬᠤᠸᠠ ᠬᠡᠯᠡᠬᠦ ᠳᠡᠭᠡᠨ᠂ ᠣᠷᠳᠣᠰ ᠬᠤᠲᠠ ᠣᠶᠢᠷ᠎ᠠ ᠶᠢᠨ ᠵᠢᠯ ᠳᠤ ᠠᠯᠢ ᠣᠯᠠᠨ ᠴᠢᠬᠤᠯᠠ ᠤᠷᠤᠯᠳᠤᠭᠠᠨ ᠤ ᠶᠠᠪᠤᠳᠠᠯ ᠢ ᠡᠷᠭᠢᠯᠡᠵᠦ᠂ ᠪᠡᠶ᠎ᠡ ᠶᠢᠨ ᠲᠠᠮᠢᠷ ᠤᠨ ᠬᠦᠴᠦᠷᠬᠡᠭ ᠬᠤᠲᠠ ᠶᠢ ᠪᠥᠲᠥᠭᠡᠨ ᠪᠠᠶᠢᠭᠤᠯᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠵᠤ᠂ ᠰᠢᠨ᠎ᠡ ᠠᠯᠬᠤᠮ ᠢ ᠠᠯᠬᠤᠵᠠᠶ᠃ ᠲᠣᠰ ᠤᠳᠠᠭᠠᠨ ᠤ ᠤᠷᠤᠯᠳᠤᠭᠠᠨ ᠣᠷᠳᠣᠰ ᠬᠤᠲᠠ ᠳᠤ ᠶᠠᠪᠤᠭᠳᠠᠭᠰᠠᠨ ᠨᠢ ᠣᠷᠳᠣᠰ ᠤᠨ ᠪᠡᠶ᠎ᠡ ᠶᠢᠨ ᠲᠠᠮᠢᠷ ᠤᠨ ᠤᠶᠢᠯᠡᠰ ᠤᠨ ᠬᠥᠭᠵᠢᠯᠲᠡ ᠶᠢ ᠵᠣᠷᠢᠭᠵᠢᠭᠤᠯᠤᠨ ᠳᠡᠮᠵᠢᠵᠦ ᠪᠠᠶᠢᠭ᠎ᠠ ᠶᠠᠪᠤᠳᠠᠯ ᠪᠣᠯᠬᠤ ᠪᠥᠭᠡᠳ ᠣᠷᠳᠣᠰ ᠬᠤᠲᠠ ᠶᠢᠨ ᠪᠥᠬᠦ ᠤᠯᠤᠰ ᠤᠨ ᠪᠥᠬᠦ ᠠᠷᠠᠳ ᠢᠶᠠᠷ ᠢᠶᠠᠨ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠤᠷᠤᠯᠴᠠᠨ ᠪᠡᠶ᠎ᠡ  ᠴᠢᠬᠢᠷᠠᠭᠵᠢᠭᠤᠯᠬᠤ  ᠵᠢᠱᠢᠶ᠎ᠡ ᠦᠵᠡᠬᠦᠯᠬᠦ ᠬᠤᠲᠠ ᠶᠢ ᠲᠦᠷᠭᠡᠪᠴᠢᠯᠡᠨ ᠪᠠᠶᠢᠭᠤᠯᠬᠤ ᠴᠢᠬᠤᠯᠠ ᠠᠵᠠ ᠲᠣᠬᠢᠶᠠᠯ ᠪᠣᠯᠤᠨ᠎ᠠ᠃ ᠣᠷᠳᠣᠰ ᠬᠤᠲᠠ ᠶᠢᠨ ᠬᠢᠨ ᠡᠯ᠎ᠡ ᠵᠦᠢᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ  ᠨᠠᠷᠢᠨ ᠨᠢᠮᠪᠠᠢ ᠬᠢᠵᠦ᠂ ᠤᠷᠤᠯᠳᠤᠭᠠᠨ ᠳᠤ ᠣᠷᠣᠯᠴᠠᠭᠰᠠᠳ ᠲᠤ ᠠᠮᠤᠷ ᠲᠦᠪᠰᠢᠨ᠂ 6᠎ ᠢ ᠡᠭᠦᠳᠴᠦ᠂ ᠪᠦᠬᠦ ᠬᠦᠴᠦᠨ ᠢᠶᠠᠷ ᠢᠶᠠᠨ ᠴᠢᠷᠮᠠᠶᠢᠵᠤ ᠪᠠᠶᠢᠭᠠᠳ ᠲᠤᠰ ᠤᠳᠠᠭ᠎ᠠ ᠶᠢᠨ ᠤᠷᠤᠯᠳᠤᠭᠠᠨ ᠢ ᠥᠪᠡᠷᠮᠢᠴᠡ ᠣᠨᠴᠠᠯᠢᠭ ᠲᠠᠢ᠂ ᠥᠨᠳᠥᠷ ᠲᠦᠪᠰᠢᠨ ᠲᠠᠢ ᠪᠡᠶ᠎ᠡ ᠶᠢᠨ ᠲᠠᠮᠢᠷ ᠤᠨ ᠦᠪᠡᠳᠡᠭᠰᠢ ᠴᠤᠭᠯᠠᠭᠠᠨ ᠪᠣᠯᠭᠠᠨ ᠡᠷᠬᠢᠯᠡᠨ᠎ᠠ᠃ ᠬᠦᠷᠦᠯᠴᠡᠨ ᠢᠷᠡᠭᠰᠡᠨ ᠵᠣᠴᠢᠳ ᠤᠨ ᠤᠷᠤᠯᠳᠤᠭᠠᠨ ᠤ ᠴᠢᠯᠥᠭᠡ ᠵᠠᠪ ᠢᠶᠠᠷ ᠢᠶᠠᠨ ᠳᠡᠯᠡᠬᠡᠶ ᠶᠢ ᠳᠤᠯᠠᠭᠠᠴᠠᠭᠤᠯᠤᠭᠰᠠᠨ ᠣᠷᠳᠣᠰ ᠢᠶᠠᠷ ᠲᠤᠭᠤᠷᠢᠨ ᠵᠤᠭᠠᠴᠠᠬᠤ ᠶᠢ ᠴᠢᠩ ᠰᠡᠳᠬᠢᠯ ᠠᠴᠠ ᠪᠠᠨ ᠪᠠᠶᠠᠷᠯᠠᠨ ᠤᠭᠲᠤᠵᠤ ᠪᠠᠶᠢᠨ᠎ᠠ ᠭᠡᠯ᠎ᠡ᠃      ᠣᠶᠢᠯᠠᠭᠠᠭᠰᠠᠨ ᠢᠶᠠᠷ᠂ 2024 ᠣᠨ ᠤ ᠪᠥᠬᠦ ᠤᠯᠤᠰ ᠤᠨ ᠵᠠᠰᠠᠮᠠᠯ ᠵᠠᠮ ᠤᠨ ᠳᠤᠭᠤᠶ ᠲᠡᠷᠭᠡᠨ ᠤ ᠮᠠᠩᠯᠠᠶ ᠰᠢᠯᠭᠠᠷᠠᠭᠤᠯᠬᠤ ᠤᠷᠤᠯᠳᠤᠭᠠᠨ ᠵᠢᠴᠢ ᠪᠥᠬᠦ ᠤᠯᠤᠰ ᠤᠨ ᠵᠠᠯᠠᠭᠤᠴᠤᠳ ᠤᠨ ᠵᠠᠰᠠᠮᠠᠯ ᠵᠠᠮ ᠤᠨ ᠳᠤᠭᠤᠶ ᠲᠡᠷᠭᠡᠨ ᠤ ᠮᠠᠩᠯᠠᠶ ᠰᠢᠯᠭᠠᠷᠠᠭᠤᠯᠬᠤ ᠤᠷᠤᠯᠳᠤᠭᠠᠨ ᠤ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠰᠢᠯᠭᠠᠷᠠᠭᠤᠯᠬᠤ ᠤᠷᠤᠯᠳᠤᠭᠠᠨ ︵ᠣᠷᠳᠣᠰ︶᠎ ᠢ ᠳᠤᠮᠳᠠᠳᠤ ᠤᠯᠤᠰ ᠤᠨ ᠳᠤᠭᠤᠶ ᠲᠡᠷᠭᠡᠨ ᠤ ᠬᠥᠳᠡᠯᠭᠡᠭᠡᠨ ᠤ ᠨᠡᠶᠢᠭᠡᠮᠯᠢᠭ ᠠᠴᠠ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠳᠠᠭᠠᠭᠠᠴᠢᠯᠠᠨ ᠡᠷᠭᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠨᠳᠦ ᠬᠥᠩᠭᠡᠨ ᠪᠡᠶ᠎ᠡ ᠶᠢᠨ ᠲᠠᠮᠢᠷ ᠪᠠ ᠤᠰᠤᠨ ᠳᠡᠭᠡᠷᠡᠬᠢ ᠪᠡᠶ᠎ᠡ ᠶᠢᠨ ᠲᠠᠮᠢᠷ ᠤᠨ ᠬᠦᠳᠡᠯᠭᠡᠭᠡᠨ ᠤ ᠲᠥᠪ ︵ᠳᠤᠭᠤᠶ ᠲᠡᠷᠭᠡᠨ ᠤ ᠪᠡᠶ᠎ᠡ ᠶᠢᠨ ᠲᠠᠮᠢᠷ ᠤᠨ ᠬᠦᠳᠡᠯᠭᠡᠭᠡᠨ ᠤ ᠲᠥᠪ︶᠂ ᠣᠷᠳᠣᠰ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠠᠮᠵᠢᠯᠴᠠᠨ ᠡᠷᠭᠢᠯᠡᠪᠡ᠃      ᠤᠷᠤᠯᠳᠤᠭᠠᠨ ᠨᠢ ᠡᠷᠡᠭᠲᠡᠶ ᠶᠢᠨ ᠢᠳᠡᠷᠴᠤᠳ ᠤᠨ ᠤᠷᠤᠯᠳᠤᠭᠠᠨ᠂ ᠡᠮᠡᠭᠲᠡᠶ ᠶᠢᠨ ᠬᠤᠪᠢ ᠬᠥᠮᠦᠨ ᠤ ᠤᠷᠤᠯᠳᠤᠭᠠᠨ᠂ U23 ᠲᠤᠭᠤᠶᠢᠯᠠᠩ ᠤᠨ ᠡᠷᠡᠭᠲᠡᠶ᠂ ᠡᠮᠡᠭᠲᠡᠶ ᠶᠢᠨ ᠬᠤᠪᠢ ᠬᠥᠮᠦᠨ ᠤ ᠤᠷᠤᠯᠳᠤᠭᠠᠨ᠂  ᠵᠠᠯᠠᠭᠤᠴᠤᠳ ᠤᠨ ᠡᠷᠡᠭᠲᠡᠶ᠂ ᠡᠮᠡᠭᠲᠡᠶ ᠶᠢᠨ ᠬᠤᠪᠢ ᠬᠥᠮᠦᠨ ᠤ ᠤᠷᠤᠯᠳᠤᠭᠠᠨ᠂ ᠲᠤᠭᠤᠶᠢᠯᠠᠩ ᠤᠨ ᠤᠷᠤᠯᠳᠤᠭᠠᠨ ᠵᠡᠷᠭᠡ 15  ᠤᠷᠤᠯᠳᠤᠭᠠᠨ ᠤ ᠲᠦᠷᠤᠯ ᠢ ᠪᠠᠭᠳᠠᠭᠠᠵᠤ᠂  6 ᠳ᠋ᠤᠭᠠᠷ ᠰᠠᠷ᠎ᠠ ᠶᠢᠨ 17᠎ ᠤ ᠡᠳᠦᠷ ᠠᠴᠠ 22᠎ ᠤᠨ ᠡᠳᠦᠷ ᠪᠤᠯᠳᠠᠯ᠎ᠠ᠂ ᠨᠡᠶᠢᠲᠡ 6 ᠡᠳᠦᠷ ᠶᠠᠪᠤᠭᠳᠠᠨ᠎ᠠ᠃ ᠤᠷᠤᠯᠳᠤᠭᠠᠨ ᠤ ᠡᠬᠢᠯᠡᠯᠲᠡ ᠶᠢᠨ ᠲᠡᠭᠦᠰᠬᠡᠯ ᠤᠨ ᠴᠡᠭ ᠢ ᠤᠷᠳᠤᠰ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠳᠤ ᠪᠠᠶᠢᠷᠢᠯᠠᠭᠤᠯᠵᠤ᠂ ᠤᠷᠤᠯᠳᠤᠭᠠᠨ ᠤ ᠵᠠᠮ ᠱᠤᠭᠤᠮ ᠨᠢ ᠠᠯᠳᠠᠨᠰᠢᠷᠡᠭᠡᠳᠤ ᠪᠠᠯᠭᠠᠰᠤ᠂ ᠤᠯᠠᠭᠠᠨᠮᠦ᠋ᠷᠡᠨ ᠪᠠᠯᠭᠠᠰᠤ᠂ ᠡᠵᠡᠨ ᠬᠤᠷᠤᠭ᠎ᠠ ᠪᠠᠯᠭᠠᠰᠤᠨ ᠤ ᠬᠡᠰᠡᠭ ᠵᠠᠰᠠᠮᠠᠯ ᠵᠠᠮ ᠶᠢ ᠪᠠᠭᠳᠠᠭᠠᠨ᠎ᠠ᠃     ᠡᠬᠢᠯᠡᠯᠲᠡ ᠶᠢᠨ ᠶᠣᠰᠣᠯᠠᠯ ᠳᠡᠭᠡᠷ᠎ᠡ ᠪᠠᠰᠠ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠪᠣᠯᠤᠨ ᠲᠥᠪ ᠤᠨ ᠲᠧᠯᠸᠢᠰ ᠬᠤᠷᠢᠶ᠎ᠠ᠂ ᠡᠵᠡᠨ ᠬᠤᠷᠤᠭ᠎ᠠ ᠬᠤᠰᠢᠭᠤᠨ ᠤ ᠪᠤᠳᠠᠰ ᠤᠨ ᠪᠤᠰᠤ ᠰᠤᠶᠤᠯ ᠤᠨ ᠦᠪ ᠤᠨ  ᠰᠤᠶᠤᠯ ᠤᠨ ᠡᠭᠦᠳᠦᠯᠲᠡ ᠶᠢᠨ ᠪᠦᠲᠦᠭᠡᠭᠳᠡᠬᠦᠨ ᠤ ᠦᠵᠡᠭᠦᠯᠭᠡ ᠬᠢᠵᠡᠢ᠃                                       
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ