ᠴᠢᠶᠣᠤ ᠰᠢᠶᠤᠤ ᠵᠢᠶᠦ᠋ᠨ 2024 ᠣᠨ ᠤ ᠣᠷᠳᠣᠰ ᠤᠨ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠶᠡᠭᠡ ᠬᠤᠷᠠᠯ ᠪᠠ ᠤᠰᠤᠲᠥ᠋ᠷᠥᠭᠴᠢ ᠡᠨᠧᠷᠭᠢ ᠶᠢᠨ ᠲᠤᠰᠬᠠᠶᠢᠵᠢᠭᠰᠠᠨ ᠨᠠᠷᠢᠯᠢᠬᠵᠢᠭᠰᠠᠨ ᠤᠨᠴᠠᠯᠢᠭ ᠲᠠᠢ ᠰᠢᠨ᠎ᠡ ᠤᠷᠤᠯᠳᠤᠭᠠᠨ ᠤ ᠪᠡᠯᠡᠳᠬᠡᠯ ᠠᠵᠢᠯ ᠤᠨ ᠪᠠᠶᠢᠳᠠᠯ ᠳᠤ ᠲᠣᠬᠢᠷᠠᠭᠤᠯᠤᠯᠲᠠ ᠬᠢᠪᠠ
ᠨᠡᠶᠢᠲᠡᠯᠡᠭᠰᠡᠨ ᠴᠠᠭ᠄
2024/6/20
      6 ᠳ᠋ᠤᠭᠠᠷ ᠰᠠᠷ᠎ᠠ ᠶᠢᠨ 19᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠴᠢᠶᠣᠤ ᠰᠢᠶᠤᠤ ᠵᠢᠶᠦ᠋ᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ 2024 ᠣᠨ ᠤ ᠣᠷᠳᠣᠰ ᠤᠨ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠶᠡᠭᠡ ᠬᠤᠷᠠᠯ ᠪᠠ ᠤᠰᠤᠲᠥ᠋ᠷᠥᠭᠴᠢ ᠡᠨᠧᠷᠭᠢ ᠶᠢᠨ ᠲᠤᠰᠬᠠᠶᠢᠵᠢᠭᠰᠠᠨ ᠨᠠᠷᠢᠯᠢᠬᠵᠢᠭᠰᠠᠨ ᠤᠨᠴᠠᠯᠢᠭ ᠲᠠᠢ ᠰᠢᠨ᠎ᠡ ᠤᠷᠤᠯᠳᠤᠭᠠᠨ ᠤ ᠪᠡᠯᠡᠳᠬᠡᠯ ᠠᠵᠢᠯ ᠤᠨ ᠪᠠᠶᠢᠳᠠᠯ ᠳᠤ ᠲᠣᠬᠢᠷᠠᠭᠤᠯᠤᠯᠲᠠ ᠬᠢᠪᠠ᠃      ᠬᠤᠷᠠᠯ ᠠᠴᠠ᠂ ᠡᠯ᠎ᠡ ᠬᠦᠷᠢᠶᠡᠯᠡᠩ ᠲᠣᠭᠤᠷᠢᠭ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠡᠵᠡᠮᠳᠡᠵᠦ᠂ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠵᠣᠬᠢᠴᠠᠭᠤᠯᠤᠨ ᠵᠣᠯᠭᠠᠭᠤᠯᠵᠤ᠂ ᠲᠥᠰᠦᠯ ᠢ ᠨᠠᠷᠢᠯᠢᠬᠵᠢᠭᠤᠯᠤᠨ ᠲᠡᠭᠦᠯᠳᠡᠷᠵᠢᠭᠦᠯᠵᠦ᠂  ᠵᠣᠴᠢᠨ  ᠤᠷᠢᠬᠤ᠂ ᠬᠤᠷᠠᠯ ᠤᠨ ᠶᠠᠪᠤᠳᠠᠯ ᠢ ᠬᠦᠯᠢᠶᠡᠨ ᠠᠪᠬᠤ᠂ ᠠᠭᠤᠷ ᠠᠮᠢᠰᠬᠤᠯ ᠢ ᠪᠤᠢ ᠪᠣᠯᠭᠠᠬᠤ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ 2024 ᠣᠨ ᠤ ᠤᠷᠳᠤᠰ ᠤᠨ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠶᠡᠭᠡ ᠬᠤᠷᠠᠯ ᠪᠣᠯᠤᠨ ᠤᠰᠤᠲᠥ᠋ᠷᠥᠭᠴᠢ ᠡᠨᠧᠷᠭᠢ ᠶᠢᠨ ᠲᠤᠰᠬᠠᠶᠢᠵᠢᠭᠰᠠᠨ ᠨᠠᠷᠢᠯᠢᠬᠵᠢᠭᠰᠠᠨ ᠤᠨᠴᠠᠯᠢᠭ ᠲᠠᠢ ᠰᠢᠨ᠎ᠡ ᠤᠷᠤᠯᠳᠤᠭᠠᠨ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠰᠠᠶᠢᠲᠤᠷ ᠡᠷᠬᠢᠯᠡᠬᠦ ᠬᠡᠷᠡᠭᠲᠡᠢ᠃ ᠬᠤᠷᠠᠯ ᠢᠶᠠᠷ ᠦᠢᠯᠡᠳᠪᠦᠷᠢᠯᠡᠯ ᠢ ᠠᠬᠢᠭᠤᠯᠬᠤ᠂ ᠤᠷᠤᠯᠳᠤᠭᠠᠨ ᠢᠶᠠᠷ ᠦᠢᠯᠡᠳᠪᠦᠷᠢᠯᠡᠯ ᠢ ᠠᠬᠢᠭᠤᠯᠬᠤ ᠶᠢ ᠪᠠᠷᠢᠮᠲᠠᠯᠠᠵᠤ᠂ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠳᠤ ᠡᠵᠡᠨ ᠬᠤᠷᠤᠭ᠎ᠠ ᠬᠤᠰᠢᠭᠤᠨ ᠤ ᠠᠵᠤ ᠦᠢᠯᠡᠰ ᠤᠨ ᠰᠠᠭᠤᠷᠢ᠂ ᠠᠷᠠᠯᠵᠢᠶᠠᠴᠢᠨ ᠤᠷᠢᠬᠤ ᠲᠦᠷᠦ ᠶᠢᠨ ᠪᠤᠳᠤᠯᠭ᠎ᠠ ᠪᠣᠯᠤᠨ  ᠪᠠᠶᠢᠳᠠᠯ ᠤᠨ ᠳᠠᠪᠠᠭᠤᠯᠢᠭ ᠢ ᠢᠳᠡᠪᠬᠢᠲᠡᠢ ᠤᠬᠠᠭᠤᠯᠵᠤ᠂  ᠪᠠᠰᠠ ᠨᠢᠭᠡ ᠪᠦᠯᠦᠭ ᠰᠢᠯᠢᠳᠡᠭ ᠠᠵᠤ ᠠᠬᠤᠶᠢᠯᠠᠯ ᠢ ᠲᠠᠲᠠᠵᠤ᠂ ᠨᠢᠭᠡ ᠪᠦᠯᠦᠭ ᠰᠢᠨ᠎ᠡ ᠶᠢ ᠡᠭᠦᠳᠬᠦ ᠲᠦᠷᠦᠯ ᠵᠦᠢᠯ ᠢ ᠨᠠᠶᠢᠳᠠᠪᠤᠷᠢᠵᠢᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠲᠥᠪᠯᠡᠷᠡᠨ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ  ᠴᠢᠬᠤᠯᠠᠴᠢᠯᠠᠪᠠ᠃       ᠬᠤᠰᠢᠭᠤᠨ ᠤ ᠠᠷᠠᠳ ᠤᠨ ᠵᠠᠰᠠᠭ ᠤᠨ ᠣᠷᠳᠣᠨ᠂  ᠮᠸᠡᠭ ᠰᠤ᠋ ᠠᠵᠤ ᠠᠬᠤᠶ ᠶᠢᠨ ᠨᠡᠭᠡᠭᠡᠯᠲᠡ ᠶᠢᠨ  ᠣᠷᠤᠨ ᠤ ᠬᠠᠮᠢᠶ᠎ᠠ ᠪᠥᠬᠦᠶ ᠤᠳᠤᠷᠢᠳᠤᠯᠭ᠎ᠠ ᠵᠢᠴᠢ ᠬᠠᠮᠢᠶ᠎ᠠ ᠪᠥᠬᠦᠶ ᠪᠠᠯᠭᠠᠰᠤ᠂ ᠰᠠᠯᠠᠭ᠎ᠠ ᠮᠥᠴᠢᠷ᠂ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠤᠨ ᠬᠠᠷᠢᠭᠤᠴᠠᠯᠭᠠᠲᠠᠳ  ᠤᠷᠤᠯᠴᠠᠪᠠ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ