ᠴᠢᠶᠣᠤ ᠰᠢᠶᠤᠤ ᠵᠢᠶᠦ᠋ᠨ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠬᠤᠪᠸᠢ ᠮᠤᠵᠢ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠨᠡᠷ᠎ᠡ ᠬᠦᠨᠳᠦᠲᠦ ᠲᠡᠷᠢᠭᠦᠯᠡᠭᠴᠢ ᠰᠢᠶᠦ᠋ᠩ ᠵᠤᠤ ᠵᠧᠩ ᠲᠠᠢ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2024/6/20
      6 ᠰᠠᠷ᠎ᠠ ᠶᠢᠨ 19᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠴᠢᠶᠣᠤ ᠰᠢᠶᠣᠤ ᠵᠢᠶᠦ᠋ᠨ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠤᠪᠧᠶ ᠮᠤᠵᠢ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠨᠡᠷ᠎ᠡ ᠬᠦᠨᠳᠦᠲᠦ ᠲᠡᠷᠢᠭᠦᠯᠡᠭᠴᠢ ᠰᠢᠶᠦ᠋ᠩ ᠵᠣᠣ ᠵᠧᠩ ᠨᠡᠷ ᠲᠠᠢ ᠶᠠᠷᠢᠯᠴᠠᠬᠤ ᠬᠤᠷᠠᠯ ᠬᠢᠵᠦ᠂ ᠬᠤᠶᠠᠷ ᠲᠠᠯ᠎ᠠ ᠪᠠᠷ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠡᠳᠦᠪᠲᠦ  ᠦᠷᠬᠦᠯᠵᠢᠯᠡᠭᠰᠡᠨ ᠲᠧᠯᠸᠢᠰ ᠵᠦᠴᠦᠭᠡ ︽ᠶᠡᠭᠡ ᠠᠯᠲᠠᠨ ᠤᠯᠤᠰ︾᠎ ᠤᠨ ᠬᠠᠮᠲᠤᠷᠠᠯᠴᠠᠭᠠᠨ ᠤ ᠲᠥᠷᠥᠯ ᠵᠤᠶᠢᠯ ᠤᠨ ᠲᠤᠬᠠᠶ ᠶᠠᠷᠢᠯᠴᠠᠪᠠ᠃       ᠰᠢᠶᠦ᠋ᠩ ᠵᠤᠤ ᠵᠧᠩ ᠬᠠᠮᠲᠤᠷᠠᠯᠴᠠᠭᠠᠨ ᠤ ᠲᠦᠷᠦᠯ ᠵᠦᠢᠯ ᠤᠨ ᠦᠨᠳᠦᠰᠦᠨ ᠪᠠᠶᠢᠳᠠᠯ ᠢ ᠲᠠᠨᠢᠯᠴᠠᠭᠤᠯᠪᠠ᠃ ᠲᠡᠷᠡ ᠢᠯᠡᠷᠭᠡᠶᠢᠯᠡᠬᠦ ᠳᠤ ᠪᠠᠨ᠂ ᠡᠵᠡᠨ ᠬᠤᠷᠤᠭ᠎ᠠ ᠬᠤᠰᠢᠭᠤ ᠭᠦᠨ ᠵᠤᠵᠠᠭᠠᠨ ᠰᠣᠶᠣᠯ ᠤᠨ ᠠᠭᠤᠯᠤᠭᠳᠠᠬᠤᠨ ᠪᠠ ᠤᠯᠠᠨ ᠠᠴᠠ ᠭᠡᠳᠤᠶᠢᠳᠦᠭᠰᠡᠨ ᠭᠠᠵᠠᠷ ᠵᠦᠢ ᠶᠢᠨ ᠨᠥᠬᠦᠴᠡᠯ ᠲᠠᠢ ᠪᠠᠶᠢᠵᠤ᠂ ᠡᠵᠡᠨ ᠬᠤᠷᠤᠭ᠎ᠠ ᠬᠤᠰᠢᠭᠤᠨ ᠳᠤ ︽ᠶᠡᠭᠡ ᠠᠯᠲᠠᠨ ᠤᠯᠤᠰ︾᠎ ᠢ ᠪᠦᠷᠢᠨ ᠰᠠᠶᠢᠬᠠᠨ ᠢᠯᠡᠷᠡᠭᠦᠯᠵᠦ᠂ ᠣᠷᠣᠨ ᠨᠤᠲᠤᠭ ᠤᠨ ︽ᠺᠢᠨᠣ᠋ ᠲᠧᠯᠸᠢᠰ + ᠰᠣᠶᠣᠯ     ᠵᠢᠭᠤᠯᠴᠢᠯᠠᠯ︾᠎ ᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠬᠤ ᠶᠢ ᠬᠦᠰᠡᠮᠵᠢᠯᠡᠪᠡ᠃       ᠴᠢᠶᠣᠤ ᠰᠢᠶᠤᠤ ᠵᠢᠶᠦ᠋ᠨ ᠠᠴᠠ ᠰᠢᠶᠦ᠋ᠩ ᠵᠣᠣ ᠵᠧᠩ ᠨᠡᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ︽ᠶᠡᠭᠡ ᠠᠯᠲᠠᠨ ᠤᠯᠤᠰ︾᠎ ᠢ ᠰᠡᠬᠦᠳᠡᠷᠯᠡᠬᠦ ᠳᠤ ᠡᠵᠡᠨ ᠬᠤᠷᠤᠭ᠎ᠠ ᠬᠤᠰᠢᠭᠤ ᠶᠢ ᠰᠤᠩᠭᠤᠭᠰᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠬᠤᠶᠠᠷ ᠲᠠᠯ᠎ᠠ ᠪᠠᠷ ᠢᠶᠠᠨ ᠤᠯᠤᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠳᠠᠷᠤᠢ ᠲᠦᠷᠭᠡᠨ ᠲᠤᠰᠬᠠᠢ ᠪᠦᠯᠬᠦᠮ ᠪᠠᠶᠢᠭᠤᠯᠵᠤ ᠤᠨᠤᠪᠴᠢᠳᠡᠢ ᠵᠣᠯᠭᠠᠭᠤᠯᠬᠤ ᠶᠢ ᠬᠦᠰᠡᠮᠵᠢᠯᠠᠵᠤ᠂ ᠡᠵᠡᠨ ᠬᠤᠷᠤᠭ᠎ᠠ ᠬᠤᠰᠢᠭᠤᠨ ᠤ ᠬᠢᠨ ᠭᠠᠳᠠᠷ ᠦᠵᠡᠮᠵᠢ ᠰᠡᠭᠦᠳᠡᠷᠯᠡᠬᠦ᠂ ᠲᠠᠯᠠᠪᠤᠷ ᠭᠠᠵᠠᠷ ᠤᠨ ᠪᠠᠲᠤᠯᠠᠭ᠎ᠠ᠂ ᠵᠦᠴᠦᠭᠡ ᠶᠢᠨ ᠳᠤᠭᠤᠶᠢᠯᠠᠩ ᠤᠨ ᠭᠥᠯᠢᠶᠡᠨ ᠠᠪᠬᠤ ᠵᠡᠷᠭᠡ ᠲᠠᠯ᠎ᠠ ᠪᠠᠷ ᠪᠥᠬᠦ ᠲᠠᠯ᠎ᠠ ᠶᠢᠨ ᠦᠢᠯᠡᠴᠢᠯᠡᠬᠡᠨ ᠤ ᠪᠠᠲᠤᠯᠠᠭ᠎ᠠ ᠬᠠᠩᠭᠠᠬᠤ ᠪᠣᠯᠤᠨ᠎ᠠ ᠬᠡᠪᠡ᠃      ᠬᠤᠰᠢᠭᠤᠨ ᠤ ᠤᠳᠤᠷᠢᠳᠤᠯᠭ᠎ᠠ ᠸᠠᠩ ᠰᠡᠴᠡᠨ᠂ ᠣᠷᠳᠣᠰ ᠤᠨ ᠰᠣᠶᠣᠯ ᠤᠨ ᠠᠵᠤ ᠦᠢᠯᠡᠰ ᠤᠨ ᠬᠥᠭᠵᠢᠯᠲᠡ ᠶᠢᠨ ᠲᠥᠪ ᠤᠨ ᠬᠤᠯᠪᠣᠭᠳᠠᠯ ᠪᠦᠬᠦᠢ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃               
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ