ᠮᠢᠩᠭᠠᠨ ᠣᠶᠤᠲᠠᠨ ︽ᠳᠤᠯᠠᠭᠠᠨ ᠬᠤᠲᠠ︾᠎ ᠳᠤ ᠢᠷᠡᠵᠦ ︽  ᠦᠵᠡᠮᠵᠢᠳᠤ ᠨᠤᠮᠢᠨ ᠬᠤᠲᠠ︾᠎ ᠶᠢ ᠰᠤᠨᠢᠷᠬᠠᠪᠠ
ᠨᠡᠶᠢᠲᠡᠯᠡᠭᠰᠡᠨ ᠴᠠᠭ᠄
2024/6/20
      ᠤᠶᠢᠷ᠎ᠠ ᠳᠤ᠂ ᠡᠵᠡᠨ ᠬᠤᠷᠤᠭ᠎ᠠ ᠬᠤᠰᠢᠭᠤ ᠭᠤᠷᠪᠠᠳᠤᠭᠠᠷ ᠤᠳᠠᠭ᠎ᠠ ᠶᠢᠨ ᠮᠢᠩᠭᠠᠨ ᠣᠶᠤᠲᠠᠨ ︽ᠳᠤᠯᠠᠭᠠᠨ ᠬᠤᠲᠠ︾᠎ ᠳᠤ ᠢᠷᠡᠵᠦ ︽ᠦᠵᠡᠮᠵᠢᠳᠤ ᠨᠤᠮᠢᠨ ᠬᠤᠲᠠ︾᠎ ᠶᠢ ᠲᠤᠭᠤᠷᠢᠨ ᠦᠵᠡᠬᠦ ᠠᠵᠢᠯᠯᠠᠭ᠎ᠠ ᠥᠷᠨᠢᠭᠦᠯᠪᠡ᠃      ᠠᠵᠢᠯᠯᠠᠭᠠᠨ ᠤ ᠳᠤᠮᠳᠠ᠂ ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ ᠠᠴᠠ ᠢᠷᠡᠭᠰᠡᠨ 109 ᠪᠠᠭᠰᠢ ᠰᠤᠷᠤᠭᠴᠢᠳ ᠣᠷᠳᠣᠰ ᠤᠨ ᠰᠣᠶᠣᠯ ᠤᠨ ᠠᠵᠤ ᠤᠶᠢᠯᠡᠰ ᠤᠨ ᠬᠦᠷᠢᠶᠡᠯᠡᠩ᠂ ᠣᠷᠳᠣᠰ ᠬᠤᠲᠠ ᠶᠢᠨ ᠯᠦᠩ ᠵᠢᠶ ᠴᠠᠬᠢᠭᠤᠷ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠮᠧᠶ ᠶᠢᠨ ᠭᠦᠸᠧ ᠬᠤᠩ ᠤᠰᠤᠲᠥ᠋ᠷᠥᠭᠴᠢ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠤᠶᠢᠯᠡᠰ ᠤᠨ ᠬᠦᠷᠢᠶᠡᠯᠡᠩ᠂ ᠣᠷᠳᠣᠰ ᠤᠨ ᠨᠡᠭᠦᠷᠡᠰᠦ ᠪᠠᠷ ᠲᠣᠰᠣ ᠤᠶᠢᠯᠡᠳᠬᠦ ᠬᠤᠪᠢᠶᠠᠷᠢ ᠺᠣᠮᠫᠠᠨᠢ᠂ ᠤᠯᠤᠰ ᠤᠨ ᠡᠨᠧᠷᠭᠢ ᠶᠢᠨ ᠪᠦᠯᠦᠭᠯᠡᠯ ᠤᠨ ᠱᠧᠨ ᠳ᠋ᠦᠩ ᠨᠡᠭᠦᠷᠡᠰᠦᠨ ᠤᠶᠢᠯᠡᠰ ᠤᠨ ᠱᠠᠩ ᠸᠠᠨ ᠨᠡᠭᠦᠷᠡᠰᠦᠨ ᠠᠭᠤᠷᠬᠠᠶ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠠᠵᠤ ᠠᠬᠤᠶᠢᠯᠠᠯ ᠤᠨ ᠪᠠᠶᠢᠳᠠᠯ ᠪᠠ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠨᠠᠷᠢᠨ ᠣᠶᠢᠯᠠᠭᠠᠬᠤ ᠶᠢᠨ ᠬᠠᠮᠲᠤ ᠦᠪᠡᠷ ᠤᠨ ᠲᠤᠷᠠᠳᠠᠢ ᠠᠵᠢᠯ ᠤᠨ ᠪᠠᠶᠢᠷᠢ ᠳᠤ ᠪᠠᠨ ᠲᠣᠪᠴᠢ ᠨᠠᠮᠲᠠᠷ ᠢᠶᠠᠨ ᠦᠭᠪᠡ᠃      ᠡᠵᠡᠨ ᠬᠤᠷᠤᠭ᠎ᠠ ᠬᠤᠰᠢᠭᠤᠨ ᠤ ᠭᠤᠶᠤ ᠰᠠᠶᠢᠬᠠᠨ ᠪᠠᠶᠢᠭᠠᠯᠢ ᠶᠢᠨ ᠣᠷᠴᠢᠨ ᠲᠣᠭᠤᠷᠢᠨ᠂ ᠪᠦᠷᠢᠨ ᠲᠡᠭᠦᠯᠳᠡᠷ ᠰᠠᠭᠤᠷᠢ ᠲᠥᠬᠦᠭᠡᠷᠦᠮᠵᠢ ᠪᠠ ᠥᠷᠨᠢᠭᠦᠨ ᠬᠥᠭᠵᠢᠭᠰᠡᠨ ᠠᠵᠤ ᠤᠶᠢᠯᠡᠰ ᠵᠡᠷᠭᠡ ᠶᠢ ᠦᠵᠡᠭᠰᠡᠨ ᠤᠶᠤᠳᠠᠳ᠂  ᠡᠵᠡᠨ ᠬᠤᠷᠤᠭ᠎ᠠ ᠬᠤᠰᠢᠭᠤᠨ ᠤ ᠵᠠᠰᠠᠭ ᠤᠨ ᠣᠷᠳᠣᠨ ᠤ ᠠᠯᠤᠰ ᠬᠡᠲᠦ ᠶᠢᠨ ᠴᠢᠨᠠᠷᠲᠠᠶ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠬᠥᠭᠵᠢᠯᠲᠡ ᠶᠢᠨ ᠲᠥᠯᠥᠪᠵᠢᠭᠦᠯᠭᠡ᠂ ᠣᠯᠠᠨ ᠠᠴᠠ ᠣᠨᠴᠠᠭᠠᠢ ᠡᠬᠢ ᠪᠠᠶᠠᠯᠢᠭ ᠤᠨ ᠳᠠᠪᠠᠭᠤᠯᠢᠭ ᠲᠤ ᠨᠠᠩ ᠭᠦᠨᠵᠡᠭᠡᠶ ᠲᠠᠨᠢᠯᠲᠠ ᠲᠠᠢ ᠪᠤᠯᠵᠤ᠂ ᠡᠵᠡᠨ ᠬᠤᠷᠤᠭ᠎ᠠ ᠬᠤᠰᠢᠭᠤᠨ ᠤ ᠴᠢᠳᠠᠪᠤᠷᠢᠲᠠᠨ ᠤᠷᠢᠵᠤ ᠣᠶᠤᠨ ᠤᠬᠠᠭᠠᠨ ᠣᠷᠣᠭᠤᠯᠬᠤ ᠭᠦᠨ ᠵᠤᠵᠠᠭᠠᠨ ᠦᠨᠡᠨᠴᠢ ᠰᠡᠳᠬᠢᠯ ᠢ ᠮᠡᠳᠡᠷᠡᠨ᠂ ᠨᠡᠶᠢᠭᠡᠮ ᠳᠤ ᠦᠨ᠎ᠡ ᠥᠷᠲᠡᠭ ᠡᠭᠦᠳᠴᠦ ᠲᠠᠶᠢᠯᠬᠦ ᠨᠠᠩ ᠣᠯᠠᠨ ᠠᠵᠢᠯ ᠎ ᠤᠨ ᠪᠠᠶᠢᠷᠢ ᠶᠢ ᠤᠯᠵᠤ ᠬᠠᠷᠠᠨ᠂ ᠦᠪᠡᠷ ᠢᠶᠠᠨ ᠨᠠᠩ ᠲᠣᠳᠣᠷᠬᠠᠶ ᠠᠵᠢᠯ ᠤᠯᠬᠤ   ᠴᠢᠭᠯᠡᠯ ᠲᠠᠢ ᠪᠤᠯᠤᠯ᠎ᠠ ᠭᠡᠵᠡᠭᠡᠭᠰᠡᠨ ᠪᠠᠶᠢᠨ᠎ᠠ᠃      ᠣᠶᠢᠷ᠎ᠠ ᠶᠢᠨ ᠵᠢᠯ ᠠᠴᠠ ᠨᠠᠭᠠᠰᠢ᠂ ᠡᠵᠡᠨ ᠬᠤᠷᠤᠭ᠎ᠠ ᠬᠤᠰᠢᠭᠤ ᠴᠢᠳᠠᠪᠤᠷᠢᠲᠠᠨ ᠢᠶᠠᠷ ᠬᠥᠭᠵᠢᠯᠲᠡ ᠶᠢ ᠬᠥᠲᠥᠯᠥᠨ ᠳᠠᠭᠠᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠶᠢ ᠪᠠᠷᠢᠮᠲᠠᠯᠠᠵᠤ᠂ ᠠᠵᠤ ᠤᠶᠢᠯᠡᠰ ᠤᠨ ᠬᠥᠭᠵᠢᠯᠲᠡ ᠪᠠ ᠣᠷᠣᠨ ᠨᠤᠲᠤᠭ ᠲᠤ ᠰᠠᠭᠤᠭ᠎ᠠ ᠠᠵᠤ ᠠᠬᠤᠶᠢᠯᠠᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠣᠳᠠᠲᠠᠶ ᠬᠡᠷᠡᠭᠴᠡᠭᠡ ᠳᠤ ᠰᠠᠭᠤᠷᠢᠯᠠᠨ᠂ ︽ᠨᠢᠭᠡᠳᠦᠭᠡᠷ ᠹᠷᠣᠨᠲ ᠭᠤᠷᠪᠠᠨ ᠣᠷᠣᠨ ᠣᠯᠠᠨ ᠴᠡᠭ︾᠎ ᠤᠨ ᠣᠷᠣᠨ ᠪᠦᠰᠡ ᠶᠢᠨ ᠴᠢᠳᠠᠪᠤᠷᠢᠲᠠᠨ ᠢ ᠨᠢᠭᠡ ᠴᠣᠭᠴᠠᠵᠢᠭᠤᠯᠤᠨ ᠬᠥᠭᠵᠢᠭᠦᠯᠬᠦ ᠰᠢᠰᠲ᠋ᠧᠮ ᠢ ᠬᠦᠴᠦᠯᠡᠨ ᠪᠠᠶᠢᠭᠤᠯᠵᠤ᠂ ︽ᠰᠠᠯᠬᠢ ᠬᠡᠷᠡᠯ ᠤᠰᠤᠲᠥ᠋ᠷᠥᠭᠴᠢ ᠡᠨᠧᠷᠬᠢ ᠬᠠᠳᠠᠭᠠᠯᠠᠬᠤ   ᠲᠡᠷᠭᠡ︾᠎ ᠶᠢᠨ ᠲᠠᠪᠤᠨ ᠶᠡᠭᠡ ᠠᠵᠤ  ᠤᠶᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂  ᠶᠤᠸᠠᠨ ᠵᠢᠩ᠂ ᠯᠦᠩ ᠵᠢᠶ᠂ ᠬᠤᠸᠠ ᠵᠢᠩ᠂ ᠵᠢᠶᠧ ᠴᠢᠨ ᠵᠡᠷᠭᠡ ᠳᠠᠭᠠᠭᠤᠯᠤᠭᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ︽ᠠᠷᠪᠠ ᠵᠠᠭᠤ ᠮᠢᠩᠭ᠎ᠠ ᠲᠦᠮᠡᠨ︾ ᠴᠢᠳᠠᠪᠤᠷᠢᠲᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠰᠢᠨ᠎ᠡ ᠬᠡᠯᠪᠡᠷᠢ ᠶᠢᠨ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠲᠠᠰᠤᠷᠠᠯᠲᠠ ᠥᠬᠡᠶ ᠣᠷᠣᠭᠤᠯᠤᠨ ᠠᠪᠴᠢᠷᠠᠵᠤ᠂ ᠡᠵᠡᠨ ᠬᠤᠷᠤᠭ᠎ᠠ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠤᠭᠰᠠᠨ ᠪᠠᠶᠢᠨ᠎ᠠ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ