ᠪᠠᠶ ᠴᠤᠸᠠᠨ ᠬᠡᠷᠡᠯ ᠢᠯᠴᠢ ᠶᠢᠨ ᠮᠤᠷᠤᠶ ᠭᠠᠳᠠᠷᠭᠤᠨ ᠲᠣᠯᠢ ᠶᠢᠨ ᠦᠢᠯᠡᠳᠪᠤᠷᠢᠯᠠᠯ ᠤᠨ ᠱᠤᠭᠤᠮ ᠣᠷᠳᠣᠰ ᠤᠨ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠳᠤ ᠠᠰᠢᠭᠯᠠᠯᠲᠠ ᠳᠤ  ᠤᠷᠤᠪᠠ
ᠨᠡᠶᠢᠲᠡᠯᠡᠭᠰᠡᠨ ᠴᠠᠭ᠄
2024/6/21
      6 ᠰᠠᠷ᠎ᠠ ᠶᠢᠨ 18᠎ ᠤ ᠡᠳᠦᠷ᠂ ᠪᠠᠶ ᠴᠤᠸᠠᠨ ᠬᠡᠷᠡᠯ ᠢᠯᠴᠢ ᠶᠢᠨ ᠮᠤᠷᠤᠶ ᠭᠠᠳᠠᠷᠭᠤᠨ ᠲᠣᠯᠢ ᠶᠢᠨ ᠦᠢᠯᠡᠳᠪᠤᠷᠢᠯᠠᠯ ᠤᠨ ᠱᠤᠭᠤᠮ ᠣᠷᠳᠣᠰ ᠤᠨ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠳᠤ ᠠᠰᠢᠭᠯᠠᠯᠲᠠ ᠳᠤ ᠣᠷᠣᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ᠂ ᠮᠧᠩ ᠰᠤ᠋ ᠠᠵᠤ ᠠᠬᠤᠢ ᠶᠢᠨ ᠨᠡᠭᠡᠭᠡᠯᠲᠡ ᠶᠢᠨ  ᠤᠷᠤᠨ ᠤ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠴᠢᠶᠣᠤ ᠰᠢᠶᠣᠤ ᠵᠢᠶᠦ᠋ᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ ᠶᠠᠨ ᠵᠢᠶᠦ᠋ᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠬᠤᠰᠢᠭᠤ ᠳᠡᠳ᠋ ᠳᠠᠷᠤᠭ᠎ᠠ ᠵᠠᠩ ᠹᠦ᠋ ᠴᠦᠨ᠂ ᠥᠪᠥᠷ ᠮᠣᠩᠭᠤᠯ ᠤᠨ ᠪᠠᠶ ᠴᠤᠸᠠᠨ ᠭᠡᠷᠡᠯ ᠢᠯᠴᠢ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠠᠩ ᠹᠧᠩ ᠲᠤᠰ ᠲᠤᠰ ᠪᠠᠶᠠᠷ ᠤᠨ ᠦᠭᠡ ᠶᠠᠷᠢᠵᠤ᠂ ᠬᠦᠷᠢᠶᠡᠯᠡᠩ ᠲᠣᠭᠤᠷᠢᠭ᠂ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠣᠷᠣᠯᠴᠠᠪᠠ᠃      ᠥᠪᠥᠷ ᠮᠣᠩᠭᠤᠯ ᠤᠨ ᠪᠠᠶ ᠴᠤᠸᠠᠨ ᠬᠡᠷᠡᠯ ᠢᠯᠴᠢ ᠶᠢᠨ  ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ᠂ ᠡᠨᠧᠷᠭᠢ ᠶᠢᠨ ᠬᠡᠷᠡᠭᠯᠡᠭᠡᠨ ᠤ ᠪᠦᠲᠦᠴᠡ᠂ ᠡᠨᠧᠷᠭᠢ ᠶᠢᠨ ᠦᠷ᠎ᠡ ᠪᠦᠲᠦᠮᠵᠢ ᠶᠢᠨ ᠲᠦᠪᠰᠢᠨ᠂ ᠡᠨᠧᠷᠭᠢ ᠠᠷᠪᠢᠯᠠᠬᠤ ᠮᠡᠷᠭᠡᠵᠢᠯ ᠪᠣᠯᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠵᠡᠷᠭᠡ ᠲᠠᠯ᠎ᠠ ᠶᠢᠨ ᠵᠠᠳᠠᠯᠤᠯᠲᠠ ᠦᠨᠡᠯᠡᠯᠲᠡ ᠪᠠᠷ ᠳᠡᠮᠵᠢᠨ᠂ ᠨᠡᠭᠦᠷᠡᠰᠦᠲᠥ᠋ᠷᠥᠭᠴᠢ ᠦᠯᠤ ᠭᠠᠳᠠᠭᠰᠢᠯᠠᠭᠤᠯᠬᠤ ᠠᠵᠤ ᠦᠢᠯᠡᠳᠪᠤᠷᠢ ᠶᠢᠨ ᠠᠵᠤ ᠠᠬᠤᠶᠢᠯᠠᠯ ᠤᠨ ᠭᠡᠷᠡᠴᠢᠯᠡᠯ ᠢ ᠣᠯᠤᠭᠰᠠᠨ ᠪᠠᠶᠢᠨ᠎ᠠ᠃       ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠪᠠᠶ ᠴᠤᠸᠠᠨ ᠬᠡᠷᠡᠯ ᠢᠯᠴᠢ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠨᠢ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠬᠦᠷᠢᠶᠡᠨ ᠤ  ᠰᠢᠨᠵᠢᠯᠡᠭᠡ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠪᠣᠯᠤᠭᠰᠠᠨ ᠤ ᠬᠤᠪᠢ ᠳᠤ᠂ 2022 ᠣᠨ ᠤ 12 ᠰᠠᠷ᠎ᠠ ᠳᠤ ᠮᠧᠩ ᠰᠤ᠋ ᠠᠵᠤ ᠠᠬᠤᠶ ᠶᠢᠨ ᠨᠡᠭᠡᠭᠡᠯᠲᠡ ᠶᠢᠨ ᠤᠷᠤᠨ ᠳᠤ ᠨᠤᠲᠤᠭᠰᠢᠵᠤ᠂ ᠥᠪᠡᠷᠲᠡᠭᠡᠨ ᠵᠠᠰᠠᠬᠤ ᠣᠷᠣᠨ ᠤ ᠬᠡᠷᠡᠯ ᠢᠯᠴᠢ ᠶᠢᠨ ᠲᠣᠨᠣᠭᠯᠠᠯ ᠦᠢᠯᠡᠳᠬᠦ ᠠᠵᠢᠯ ᠲᠥᠷᠥᠯ ᠤᠨ ᠬᠤᠭᠤᠰᠣᠨ ᠢ ᠨᠥᠬᠦᠪᠥᠷᠢᠯᠡᠭᠰᠡᠨ ᠪᠠᠶᠢᠨ᠎ᠠ᠃ ᠲᠣᠰ ᠤᠳᠠᠭᠠᠨ ᠤ ᠠᠰᠢᠭᠯᠠᠯᠲᠠ ᠳᠤ ᠣᠷᠣᠭᠤᠯᠤᠭᠰᠠᠨ ᠮᠤᠷᠤᠶ ᠭᠠᠳᠠᠷᠭᠤᠨ ᠲᠣᠯᠢ ᠶᠢᠨ ᠦᠢᠯᠡᠳᠪᠤᠷᠢ ᠶᠢᠨ ᠲᠠᠰᠤᠭ ᠤᠨ ᠡᠵᠡᠯᠡᠬᠦ ᠲᠠᠯᠠᠪᠠᠢ ᠨᠢ 10000 ᠲᠡᠭᠰᠢ ᠲᠦᠷᠪᠡᠯᠵᠢᠨ ᠮᠧᠲᠷ ᠪᠠᠶᠢᠵᠤ᠂ ᠵᠢᠯ ᠤᠨ ᠭᠠᠷᠤᠯᠲᠠ 350 ᠲᠦᠮᠡᠨ ᠲᠡᠭᠰᠢ ᠲᠦᠷᠪᠡᠯᠵᠢᠨ ᠮᠧᠲᠷ ᠲᠤ ᠬᠦᠷᠴᠦ᠂  ᠦᠢᠯᠡᠳᠪᠤᠷᠢᠯᠠᠯ ᠤᠨ ᠮᠤᠷᠤᠶ ᠭᠠᠳᠠᠷᠭᠤᠨ ᠲᠣᠯᠢ ᠨᠡᠷᠡᠨ ᠤ ᠭᠡᠷᠡᠯ ᠢ ᠳᠠᠭᠠᠵᠤ  ᠡᠷᠬᠢᠯᠳᠤᠨ᠂ ᠨᠡᠷᠡᠨ ᠤ ᠡᠨᠧᠷᠭᠢ ᠶᠢ ᠰᠢᠭᠤᠳ ᠢᠯᠴᠢ ᠶᠢᠨ ᠡᠨᠧᠷᠭᠢ ᠪᠣᠯᠭᠠᠨ ᠬᠤᠪᠢᠷᠠᠭᠤᠯᠵᠤ ᠂ ᠨᠡᠷᠡᠨ ᠤ ᠡᠨᠧᠷᠭᠢ ᠶᠢᠨ ᠭᠡᠷᠡᠯ ᠢᠯᠴᠢ ᠪᠠᠷ ᠴᠠᠬᠢᠯᠭᠠᠨ ᠭᠠᠷᠭᠠᠬᠤ ᠬᠦᠷᠢᠶ᠎ᠡ ᠬᠡᠪᠴᠢᠶᠡᠨ ᠳᠤ ᠬᠡᠷᠡᠭᠯᠡᠬᠦ ᠠᠴᠠ ᠭᠠᠳᠠᠨ᠎ᠠ᠂ ᠪᠠᠰᠠ ᠠᠵᠤ  ᠦᠢᠯᠡᠳᠪᠤᠷᠢ ᠶᠢᠨ ᠡᠨᠧᠷᠭᠢ ᠠᠷᠪᠢᠯᠠᠬᠤ᠂ ᠳᠠᠯᠠᠢ ᠶᠢᠨ ᠤᠰᠤ ᠶᠢ ᠴᠡᠩᠭᠡᠭᠵᠢᠭᠦᠯᠬᠦ᠂ ᠠᠵᠤ ᠦᠢᠯᠡᠳᠪᠤᠷᠢ ᠶᠢᠨ ᠳᠤᠯᠠᠭᠠᠯᠠᠭ᠎ᠠ ᠪᠠ ᠠᠶᠢᠯ ᠡᠷᠤᠭᠡ ᠶᠢᠨ ᠳᠤᠯᠠᠭᠠᠯᠠᠭ᠎ᠠ᠂ ᠢᠯᠴᠢ ᠶᠢᠨ ᠴᠠᠬᠢᠯᠭᠠᠨ ᠤ ᠠᠮᠢᠳᠤᠯᠢᠭ ᠥᠭᠡᠷᠡᠴᠢᠯᠡᠯᠲᠡ᠂ ᠴᠢᠯᠠᠭᠤᠨ ᠲᠣᠰᠣ  ᠨᠡᠭᠡᠭᠡᠨ ᠠᠰᠢᠭᠯᠠᠬᠤ ᠵᠡᠷᠭᠡ ᠣᠯᠠᠨ ᠡᠨᠧᠷᠭᠢ ᠠᠷᠪᠢᠯᠠᠬᠤ ᠬᠦᠷᠢᠶᠡᠨ ᠳᠤ ᠥᠷᠭᠡᠨ ᠢᠶᠠᠷ ᠬᠡᠷᠡᠭᠯᠡᠵᠦ᠂ ᠢᠯᠴᠢ ᠶᠢᠨ ᠡᠨᠧᠷᠭᠢ ᠶᠢ ᠠᠰᠢᠭᠯᠠᠬᠤ  ᠲᠠᠯ᠎ᠠ ᠪᠠᠷ ᠨᠠᠩ ᠢᠯᠡᠬᠦᠤ ᠲᠥᠰᠦᠭᠡᠯᠡᠨ ᠪᠣᠳᠣᠯᠲᠠ ᠶᠢᠨ ᠣᠷᠣᠨ ᠵᠠᠶ ᠲᠠᠢ᠂ ᠨᠡᠬᠦᠷᠠᠰᠦᠳᠦ᠋ᠷᠦᠭᠴᠢ ᠦᠯᠦ ᠭᠠᠳᠠᠭᠰᠢᠯᠠᠭᠤᠯᠬᠤ ᠭᠡᠷᠡᠯ ᠢᠯᠴᠢ᠂  ᠪᠤᠬᠢᠷᠳᠤᠯ ᠦᠬᠡᠢ ᠴᠠᠬᠢᠯᠭᠠᠨ ᠬᠡᠷᠡᠭᠯᠡᠯᠲᠡ᠂ ᠦᠯᠡᠳᠡᠪᠦᠷᠢ ᠢᠯᠴᠢ ᠶᠢ ᠠᠰᠢᠭᠯᠠᠬᠤ ᠨᠢ ᠣᠯᠠᠨ ᠡᠨᠧᠷᠭᠢ ᠪᠠᠷ ᠬᠠᠷᠢᠯᠴᠠᠨ ᠨᠥᠬᠦᠪᠥᠷᠢᠯᠡᠵᠦ᠂ ᠶᠡᠷᠦᠩᠬᠡᠶᠢᠯᠡᠨ ᠠᠰᠢᠭᠯᠠᠬᠤ᠂ ᠪᠣᠬᠢᠷᠲᠤᠯ ᠦᠭᠡᠢ ᠡᠨᠧᠷᠭᠢ ᠶᠢᠨ ᠬᠠᠩᠭᠠᠯᠭ᠎ᠠ ᠶᠢ  ᠪᠠᠳᠤᠯᠠᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠪᠤᠶᠤ ᠭᠠᠳᠠᠭᠰᠢᠯᠠᠭᠤᠯᠤᠯᠲᠠ ᠶᠢ ᠪᠦᠲᠦᠮᠵᠢᠲᠡᠶ ᠪᠠᠭᠤᠷᠠᠭᠤᠯᠵᠤ  ᠴᠢᠳᠠᠬᠤ ᠪᠤᠯᠤᠨ᠎ᠠ᠃      ᠮᠤᠷᠤᠶ ᠭᠠᠳᠠᠷᠭᠤᠨ ᠲᠤᠯᠢ ᠶᠢᠨ  ᠦᠢᠯᠡᠳᠪᠤᠷᠢᠯᠠᠯ ᠤᠨ ᠱᠤᠭᠤᠮ ᠤᠨ ᠭᠠᠷᠤᠯᠲᠠ ᠶᠢ ᠨᠡᠮᠡᠭᠳᠡᠭᠦᠯᠬᠦ ᠪᠣᠯ ᠥᠪᠥᠷ ᠮᠣᠩᠭᠤᠯ ᠤᠨ ᠪᠠᠶ ᠴᠤᠸᠠᠨ ᠬᠡᠷᠡᠯ ᠢᠯᠴᠢ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠪᠠᠷᠠᠭᠤᠨ ᠬᠤᠶᠢᠲᠤ ᠣᠷᠣᠨ ᠳᠠᠬᠢ ᠪᠠᠶᠢᠷᠢᠰᠢᠭᠤᠯᠤᠯᠲᠠ ᠬᠥᠭᠵᠢᠯᠲᠡ ᠶᠢᠨ ᠰᠢᠨ᠎ᠡ ᠠᠮᠵᠢᠯᠲᠠ ᠪᠦᠲᠦᠮᠵᠢ ᠪᠠᠶᠢᠵᠤ᠂ ᠮᠥᠨ ᠴᠦ ᠡᠵᠡᠨ ᠬᠤᠷᠤᠭ᠎ᠠ ᠬᠤᠰᠢᠭᠤᠨ ᠤ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠠᠵᠤ  ᠦᠢᠯᠡᠰ ᠤᠨ ᠬᠥᠭᠵᠢᠯᠲᠡ ᠶᠢᠨ ᠰᠢᠨ᠎ᠡ ᠠᠮᠵᠢᠯᠲᠠ ᠪᠦᠲᠦᠮᠵᠢ ᠪᠠ ᠠᠵᠤ  ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ ᠰᠢᠨ᠎ᠡ ᠠᠯᠬᠤᠮ ᠪᠣᠯᠤᠨ᠎ᠠ᠃                 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ