ᠬᠤᠨᠠᠨ ᠤ ᠪᠥᠸᠧ ᠱᠧᠩ ᠲᠢᠶᠠᠨ ᠬᠤᠩ ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠵᠢᠯ ᠳᠤ 3000 ᠲᠣᠨ ᠨᠡᠭᠦᠷᠡᠰᠦᠲᠦᠷᠦᠭᠴᠢ ᠶᠢᠨ ᠰᠢᠷᠬᠡᠭᠯᠢᠭ ᠤᠨ ᠳᠤᠯᠠᠭᠠᠨ ᠢ ᠬᠠᠮᠠᠭᠠᠯᠠᠬᠤ ᠮᠠᠲ᠋ᠧᠷᠢᠶᠠᠯ ᠤᠨ ᠲᠥᠷᠥᠯ ᠵᠤᠶᠢᠯ ᠤᠨ ᠭᠡᠷ᠎ᠡ ᠲᠤᠭᠳᠠᠪᠠ
ᠨᠡᠶᠢᠲᠡᠯᠡᠭᠰᠡᠨ ᠴᠠᠭ᠄
2024/6/21
      6 ᠰᠠᠷ᠎ᠠ ᠶᠢᠨ 19᠎ ᠤ ᠡᠳᠦᠷ᠂ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠤᠨᠠᠨ ᠤ ᠪᠥᠸᠧ ᠱᠧᠩ ᠲᠢᠶᠠᠨ ᠬᠤᠩ ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠴᠢᠶᠣᠤ ᠰᠢᠶᠤᠤ ᠵᠢᠶᠦ᠋ᠨ᠂ ᠬᠤᠰᠢᠭᠤ ᠳᠡᠳ᠋ ᠳᠠᠷᠤᠭ᠎ᠠ ᠵᠠᠩ ᠹᠦ᠋ ᠴᠦᠨ᠂ ᠬᠤᠨᠠᠨ ᠤ ᠪᠥᠸᠧ ᠱᠧᠩ ᠲᠢᠶᠠᠨ ᠬᠤᠩ ᠰᠢᠨ᠎ᠡ ᠮᠠᠲ᠋ᠧᠷᠢᠶᠠᠯ ᠤᠨ ᠮᠡᠷᠬᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠸᠠᠩ ᠾᠧ ᠫᠢᠩ ᠬᠤᠷᠠᠯ ᠳᠤ ᠣᠷᠣᠯᠴᠠᠪᠠ᠃  ᠮᠧᠩ ᠰᠤ᠋ ᠠᠵᠤ ᠠᠬᠤᠶ ᠶᠢᠨ ᠨᠡᠭᠡᠭᠡᠯᠲᠡ ᠶᠢᠨ ᠣᠷᠣᠨ ᠤ ᠬᠤᠯᠪᠣᠭᠳᠠᠯ ᠪᠦᠬᠦᠢ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ  ᠤᠷᠤᠯᠴᠠᠭᠰᠠᠨ ᠪᠠᠶᠢᠨ᠎ᠠ᠃       ᠭᠡᠷ᠎ᠡ ᠲᠣᠭᠲᠠᠬᠤ ᠶᠣᠰᠣᠯᠠᠯ ᠳᠡᠭᠡᠷ᠎ᠡ᠂ ᠠᠵᠤ ᠠᠬᠤᠶᠢᠯᠠᠯ ᠠᠴᠠ ᠲᠥᠷᠥᠯ ᠵᠤᠶᠢᠯ ᠤᠨ ᠪᠠᠶᠢᠳᠠᠯ ᠪᠣᠯᠤᠨ ᠪᠥᠲᠥᠭᠡᠨ ᠪᠠᠶᠢᠭᠤᠯᠤᠯᠲᠠ ᠶᠢᠨ ᠲᠥᠯᠥᠪᠯᠡᠭᠡ ᠪᠠᠨ ᠨᠠᠷᠢᠨ ᠲᠠᠨᠢᠯᠴᠠᠭᠤᠯᠪᠠ᠃ ᠵᠠᠰᠠᠭ ᠤᠨ ᠤᠷᠳᠤᠨ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠲᠦᠷᠦᠯ ᠵᠦᠢᠯ ᠢ ᠨᠠᠶᠢᠳᠠᠪᠤᠷᠢᠵᠢᠭᠤᠯᠬᠤ᠂ ᠰᠤᠳᠤᠯᠤᠨ ᠨᠡᠭᠡᠭᠡᠬᠦ ᠰᠠᠭᠤᠷᠢᠨ ᠢ ᠪᠠᠶᠢᠭᠤᠯᠬᠤ᠂ ᠰᠠᠭᠤᠷᠢ ᠲᠥᠬᠦᠭᠡᠷᠦᠮᠵᠢ ᠶᠢ ᠢᠵᠢ ᠪᠦᠷᠢᠳᠦᠬᠦᠯᠬᠦ ᠵᠡᠷᠭᠡ ᠶᠢᠨ ᠲᠣᠭᠤᠷᠢᠨ ᠳᠤ ᠭᠦᠨᠵᠡᠭᠡᠢ ᠤᠯᠤᠯᠴᠠᠨ ᠰᠣᠯᠢᠯᠴᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠨᠡ ᠵᠢᠯ ᠪᠦᠳᠦᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ ᠭᠡᠵᠦ ᠰᠠᠨᠠᠯ ᠨᠢᠭᠡᠲᠡᠢ ᠢᠯᠡᠳᠬᠡᠪᠡ᠃ ᠵᠠᠩ ᠹᠦ᠋ ᠴᠦᠨ ᠸᠠᠩ ᠾᠧ ᠫᠢᠩ ᠲᠠᠢ ᠭᠡᠷ᠎ᠡ ᠲᠣᠭᠲᠠᠪᠠ᠃      ᠣᠶᠢᠯᠠᠭᠠᠭᠰᠠᠨ ᠢᠶᠠᠷ᠂ ᠲᠣᠰ ᠲᠥᠷᠥᠯ ᠵᠤᠶᠢᠯ ᠤᠨ ᠶᠡᠷᠤᠩᠭᠡᠢ ᠪᠡᠯᠡ ᠤᠷᠤᠭᠤᠯᠤᠯᠳᠠ ᠨᠢ 4 ᠳ᠋ᠦᠩᠰᠢᠭᠤᠷ ᠲᠥᠭᠦᠷᠢᠭ ᠪᠠᠶᠢᠵᠤ᠂ ᠭᠤᠤᠯᠳᠠᠭᠤ ᠵᠢᠯ ᠳᠤ 3000 ᠲᠣᠨ ᠨᠡᠭᠦᠷᠡᠰᠦᠲᠦᠷᠦᠭᠴᠢ ᠶᠢᠨ ᠰᠢᠷᠬᠡᠭᠯᠢᠭ ᠤᠨ ᠳᠤᠯᠠᠭᠠᠨ ᠢ ᠬᠠᠮᠠᠭᠠᠯᠠᠬᠤ ᠮᠠᠲ᠋ᠧᠷᠢᠶᠠᠯ ᠦᠢᠯᠡᠳᠪᠤᠷᠢᠯᠠᠵᠤ᠂ ᠠᠩᠬᠠᠳᠠᠭᠴᠢ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠦᠷᠦᠭᠴᠢ ᠶᠢᠨ ᠰᠢᠷᠬᠡᠭᠯᠢᠭ ᠤᠨ ᠳᠤᠯᠠᠭᠠᠨ ᠢ ᠬᠠᠮᠠᠭᠠᠯᠠᠬᠤ ᠮᠠᠲ᠋ᠧᠷᠢᠶᠠᠯ ᠤᠨ ᠬᠦᠷᠢᠶᠡᠨ ᠳᠠᠬᠢ ᠦᠢᠯᠡᠳᠪᠤᠷᠢᠯᠠᠯ ᠤᠨ ᠱᠤᠭᠤᠮ ᠪᠣᠯᠤᠨ᠎ᠠ᠃ ᠪᠥᠲᠥᠭᠡᠨ ᠪᠠᠶᠢᠭᠤᠯᠵᠤ ᠲᠠᠭᠤᠰᠤᠨ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠱᠢᠯᠲᠡ ᠪᠠᠷ ᠵᠢᠯ ᠤᠨ ᠦᠢᠯᠡᠳᠬᠦᠨ ᠤ ᠥᠷᠲᠡᠭ ᠎ ᠨᠢ 4 . 2 ᠳ᠋ᠦᠩᠰᠢᠭᠤᠷ ᠲᠥᠭᠦᠷᠢᠭ  ᠢ ᠪᠡᠶᠡᠯᠡᠭᠦᠯᠵᠦ᠂ ᠪᠠᠷᠤᠭ 300 ᠬᠥᠮᠦᠨ ᠳᠤ ᠠᠵᠢᠯ ᠣᠯᠭᠤᠵᠤ᠂ ᠬᠡᠷᠡᠯ ᠴᠡᠨᠡᠭ ᠤᠨ ᠠᠵᠤ  ᠦᠢᠯᠡᠰ ᠤᠨ ᠲᠥᠪᠯᠡᠷᠡᠯ ᠤᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠤᠯᠳᠤ ᠴᠤᠭᠴᠠᠯᠠᠭᠰᠠᠨ ᠠᠵᠤ  ᠦᠢᠯᠡᠰ ᠤᠨ ᠬᠡᠯᠬᠢᠶ᠎ᠡ ᠶᠢ ᠨᠡᠪᠲᠡᠷᠡᠭᠦᠯᠬᠦ ᠪᠣᠯᠤᠨ᠎ᠠ᠃       
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ