ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢᠨ ︽ᠲᠠᠶᠢᠰᠠᠨ ᠤ ᠮᠥᠷᠦ᠋ᠢᠴᠡᠭᠡᠨ︾ ᠬᠦᠷ ᠬᠦᠭᠵᠢᠶᠡᠨ ᠲᠠᠢ ᠶᠠᠪᠤᠭᠳᠠᠯ᠎ᠠ
ᠨᠡᠶᠢᠲᠡᠯᠡᠭᠰᠡᠨ ᠴᠠᠭ᠄
2024/6/22
      ᠤᠶᠢᠷ᠎ᠠ ᠳᠤ᠂ ᠡᠵᠡᠨ ᠬᠤᠷᠤᠭ᠎ᠠ ᠬᠤᠰᠢᠭᠤᠨ ᠤ ᠬᠢᠨ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ︽ᠲᠠᠶᠢᠰᠠᠨ ᠤ ᠮᠥᠷᠦ᠋ᠢᠴᠡᠭᠡᠨ︾᠎ ᠤ ᠠᠵᠢᠯᠯᠠᠭ᠎ᠠ ᠦᠷᠨᠢᠬᠦᠯᠵᠦ᠂ ᠡᠯ᠎ᠡ ᠪᠠᠯᠭᠠᠰᠤᠨ ᠤ ᠳᠠᠭᠠᠭᠠᠴᠢᠯᠠᠨ  ᠬᠤᠯᠪᠤᠭᠠᠯᠠᠬᠤ ᠪᠠᠶᠢᠭᠤᠯᠭ᠎ᠠ ᠨᠢᠭᠡᠴᠢ ᠶᠢᠨ ᠲᠣᠰᠬᠤᠨ ᠳᠤ ᠰᠠᠭᠤᠭ᠎ᠠ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠵᠢᠴᠢ ᠬᠤᠲᠠ᠂ ᠬᠤᠰᠢᠭᠤ ᠬᠤᠶᠠᠷ ᠱᠠᠲᠤᠨ ᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠠᠵᠢᠯᠯᠠᠭ᠎ᠠ ᠳᠤ ᠣᠷᠣᠯᠴᠠᠪᠠ᠃      ᠤᠷᠤᠯᠳᠤᠭᠠᠨ ᠤ ᠲᠤᠬᠠᠢ ᠶᠢᠨ ᠲᠠᠯᠠᠪᠠᠢ ᠳᠤ᠂ ᠲᠣᠰᠬᠤᠨ ᠳᠤ ᠰᠠᠭᠤᠭ᠎ᠠ 21 ᠨᠢᠭᠡᠳᠦᠭᠡᠷ ᠱᠦᠵᠢ ︽PPT ᠦᠵᠡᠭᠦᠯᠭᠡ + ᠲᠤᠬᠠᠢ ᠶᠢᠨ ᠲᠠᠯᠠᠪᠠᠢ ᠶᠢᠨ ᠬᠠᠷᠢᠭᠤ ᠮᠡᠳᠡᠭᠦᠯᠦᠯᠲᠡ︾᠎ ᠶᠢ ᠤᠶᠠᠯᠳᠤᠭᠤᠯᠬᠤ ᠠᠷᠭ᠎ᠠ ᠪᠠᠷ ᠲᠠᠮᠵᠢᠭᠤᠯᠤᠨ᠂ ︽ᠵᠢᠷᠭᠤᠭ᠎ᠠ ᠶᠢ ᠦᠵᠡᠵᠦ ᠵᠢᠷᠭᠤᠭ᠎ᠠ ᠶᠢ ᠠᠳᠠᠯᠢᠳᠬᠠᠬᠤ︾᠎ ᠪᠠᠷ ᠭᠤᠣᠯᠳᠠᠭᠤᠯᠵᠤ᠂ ᠲᠤᠰ ᠪᠡᠶ᠎ᠡ ᠶᠢᠨ ᠲᠣᠰᠬᠤᠨ ᠳᠤ ᠰᠠᠭᠤᠵᠤ ᠠᠵᠢᠯᠯᠠᠭᠰᠠᠨ ᠥᠩᠭᠡᠷᠡᠯᠲᠡ ᠲᠠᠢ ᠪᠠᠨ ᠤᠶᠠᠯᠳᠤᠭᠤᠯᠤᠨ᠂ ︽ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾᠎ ᠪᠠᠷ ᠭᠤᠣᠯᠳᠠᠭᠤᠯᠵᠤ᠂ ᠬᠤᠪᠢ ᠬᠥᠮᠦᠨ ᠤ ᠴᠤᠭ ᠵᠢᠪᠬᠤᠭ᠎ᠠ ᠪᠠᠨ ︽ᠭᠠᠶᠢᠬᠠᠭᠤᠯᠵᠤ︾᠂ ᠠᠵᠢᠯ ᠤᠨ ᠪᠣᠳᠠᠲᠤ ᠠᠮᠵᠢᠯᠲᠠ ᠪᠠᠨ ︽ᠢᠯᠡ ᠨᠡᠶᠢᠲᠡᠯᠡᠵᠦ︾᠂ ᠦᠨᠳᠦᠰᠦᠨ ᠱᠠᠲᠤᠨ ᠤ ᠲᠤᠷᠰᠢᠯᠭ᠎ᠠ ᠣᠶᠢᠯᠠᠭᠠᠯᠲᠠ ᠪᠠᠨ ᠲᠡᠯᠭᠡᠨ ᠶᠠᠷᠢᠵᠠᠢ᠃ ᠡᠬᠦᠨ ᠳᠤ ᠠᠮᠢᠳᠤᠯᠢᠭ ᠰᠠᠶᠢᠬᠠᠨ ᠠᠵᠢᠯ ᠤᠨ ᠭᠡᠷᠡᠯ ᠵᠢᠷᠤᠭ᠂ ᠠᠷᠠᠳ ᠤᠨ ᠲᠥᠯᠥᠭᠡ ᠵᠢᠳᠬᠦᠭᠰᠡᠨ ᠪᠣᠳᠠᠲᠤ ᠶᠠᠪᠤᠳᠠᠯ᠂ ᠲᠠᠰᠤᠷᠠᠯᠲᠠ ᠦᠭᠡᠶ ᠨᠡᠮᠡᠭᠳᠡᠵᠦ ᠪᠠᠶᠢᠭ᠎ᠠ ᠬᠠᠮᠲᠤ ᠶᠢᠨ ᠣᠷᠣᠯᠭ᠎ᠠ ᠨᠤᠭᠤᠳ ᠢᠶᠠᠷ ᠨᠢᠭᠡᠳᠦᠭᠡᠷ ᠱᠦᠵᠢ ᠶᠢᠨ ᠬᠥᠳᠡᠭᠡ ᠲᠣᠰᠬᠤᠨ ᠳᠤ ᠪᠠᠭᠤᠨ᠂ ᠤᠯᠠᠨ ᠲᠦᠮᠡᠨ ᠤ ᠲᠤᠮᠳᠠ ᠬᠦᠨᠵᠡᠭᠡᠶᠢᠷᠡᠵᠦ ᠲᠣᠰᠬᠤᠨ ᠳᠤ ᠰᠠᠭᠤᠷᠢᠰᠢᠭᠰᠠᠨ ᠦᠯᠢᠭᠡᠷ ᠢ ᠭᠦᠢᠴᠡᠳ ᠳᠡᠯᠭᠡᠨ ᠦᠵᠡᠭᠦᠯᠵᠦ᠂ ᠤᠯᠠᠨ ᠲᠠᠶᠠᠭᠠᠷ ᠲᠤ ᠬᠠᠶᠢᠷ᠎ᠠ ᠰᠡᠳᠬᠢᠯᠭᠡ ᠪᠢᠯᠬᠠᠮ᠎ᠠ᠂ ᠬᠠᠯᠠᠭᠤᠨ ᠲᠤᠯᠠᠭᠠᠨ ︽ᠮᠦᠷᠤᠶᠢᠴᠡᠭᠡᠨ ᠤ ᠲᠠᠶᠢᠰᠠᠨ ᠲᠡᠭᠡᠷᠡᠬᠢ ᠥᠷᠢᠰᠥᠯᠳᠦᠭᠡᠨ︾᠎ ᠢ ᠬᠠᠷᠠᠭᠤᠯᠵᠤ᠂  ᠬᠢᠨᠠᠭᠴᠢ ᠪᠣᠯᠤᠨ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ  ᠤᠯᠤᠭᠰᠠᠨ ᠪᠠᠶᠢᠨ᠎ᠠ᠃      ᠬᠦᠭᠵᠢᠶᠡᠨ ᠲᠠᠢ ᠮᠦᠷᠤᠶᠢᠴᠡᠭᠡᠨ ᠢᠶᠠᠷ ᠲᠠᠮᠵᠢᠨ ᠬᠠᠮᠤᠭ ᠡᠴᠤᠰ ᠲᠤ᠂ ᠣᠷᠳᠣᠰ ᠤᠨ ᠨᠤᠮᠢᠨ ᠲᠠᠩᠰᠤᠭ ᠬᠤᠲᠠ ᠶᠢᠨ ᠰᠣᠶᠣᠯ ᠤᠨ ᠠᠵᠤ ᠤᠶᠢᠯᠡᠰ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠵᠠᠰᠠᠭ ᠪᠠᠯᠭᠠᠰᠤᠨ ᠤ ᠬᠤᠸᠠ ᠲᠤᠯᠤᠭᠠᠢ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠭᠤᠤ ᠵᠢᠶᠠᠨ᠂ ᠣᠷᠳᠣᠰ ᠬᠤᠲᠠ ᠶᠢᠨ ᠬᠥᠭᠵᠢᠯᠲᠡ ᠶᠢᠨ ᠰᠤᠳᠤᠯᠭᠠᠨ ᠤ ᠲᠥᠪ ᠤᠨ ᠠᠯᠳᠠᠨᠰᠢᠷᠡᠭᠡᠳᠤ ᠪᠠᠯᠭᠠᠰᠤᠨ ᠤ ᠵᠠᠩᠭᠤᠳᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠣᠣ ᠯᠢ᠂ ᠡᠵᠡᠨ ᠬᠤᠷᠤᠭ᠎ᠠ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠢᠨᠠᠨ ᠪᠠᠶᠢᠴᠠᠭᠠᠬᠤ ᠵᠥᠪᠯᠡᠯ ᠤᠨ ᠵᠠᠰᠠᠭ ᠪᠠᠯᠭᠠᠰᠤᠨ ᠤ  ᠬᠤᠶᠢᠭ ᠤᠨ ᠰᠢᠯᠢ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠰᠢᠤᠢ ᠢ ᠶᠠᠩ ᠲᠣᠰ ᠲᠣᠰ ᠲᠦᠷᠦᠭᠦᠤ ᠭᠤᠷᠪᠠ ᠳᠤ ᠣᠷᠣᠵᠤ᠂ ᠡᠵᠡᠨ ᠬᠤᠷᠤᠭ᠎ᠠ ᠬᠤᠰᠢᠭᠤ ᠶᠢ ᠲᠥᠯᠥᠭᠡᠯᠡᠨ ᠪᠥᠬᠦ ᠬᠤᠲᠠ ᠶᠢᠨ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢᠨ ︽ᠲᠠᠶᠢᠰᠠᠨ ᠤ  ᠮᠥᠷᠦ᠋ᠢᠴᠡᠭᠡᠨ︾᠎ ᠤ ᠰᠢᠢᠳᠪᠤᠷᠢᠳᠤ ᠤᠷᠤᠯᠳᠤᠭᠠᠨ ᠳᠤ ᠣᠷᠣᠯᠴᠠᠬᠤ  ᠪᠠᠷ ᠪᠤᠯᠤᠭᠰᠠᠨ ᠪᠠᠶᠢᠨ᠎ᠠ᠃      ᠲᠣᠰ ᠤᠳᠠᠭᠠᠨ ᠤ ᠠᠵᠢᠯᠯᠠᠭ᠎ᠠ ᠶᠢ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠤᠰᠢᠭᠤᠨ ᠤ ᠬᠤᠯᠪᠤᠭᠠᠯᠠᠨ ᠲᠠᠭᠠᠭᠠᠴᠢᠯᠠᠬᠤ ᠠᠯᠪᠠᠨ ᠬᠡᠷ᠂ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠠᠴᠠ ᠭᠤᠤᠯᠯᠠᠨ  ᠡᠷᠬᠢᠯᠡᠪᠡ᠃   
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ