ᠳ᠋ᠦ᠋ ᠾᠦᠢ ᠯᠢᠶᠠᠩ ᠬᠢᠶ᠎ᠠ ᠪᠠᠭᠰᠢ ᠲᠣᠭᠤᠷᠢᠭ ᠡᠵᠡᠨ ᠬᠤᠷᠤᠭ᠎ᠠ ᠬᠤᠰᠢᠭᠤᠨ ᠳᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/6/25
      6 ᠳ᠋ᠤᠭᠠᠷ ᠰᠠᠷ᠎ᠠ ᠶᠢᠨ 24᠎ ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠾᠦᠢ ᠯᠢᠶᠠᠩ ᠬᠢᠶ᠎ᠠ ᠪᠠᠭᠰᠢ ᠲᠣᠭᠤᠷᠢᠭ᠂ ᠡᠵᠡᠨ ᠬᠤᠷᠤᠭ᠎ᠠ ᠬᠤᠰᠢᠭᠤᠨ ᠳᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠳᠥᠯᠭᠢᠨ ᠠᠬᠢᠭᠤᠯᠵᠤ ᠪᠠᠶᠢᠭ᠎ᠠ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃      ᠳ᠋ᠦ᠋ ᠬᠤᠢ ᠯᠢᠶᠠᠩ ᠤᠷᠢᠳ ᠬᠤᠵᠢᠳ ᠬᠢᠶ᠎ᠠ ᠪᠠᠭᠰᠢ ᠲᠣᠭᠤᠷᠢᠭ ᠤᠨ ᠪᠢᠨ ᠡᡁᠧ ᠵᠡᠭᠡᠯᠢ ᠭᠤᠳᠤᠮᠵᠢ ᠶᠢᠨ ᠺᠠᠩ ᠴᠧᠩ ᠨᠡᠶᠢᠭᠡᠮ ᠲᠣᠭᠤᠷᠢᠭ᠂ ᠡᠵᠡᠨ ᠬᠤᠷᠤᠭ᠎ᠠ ᠬᠤᠰᠢᠭᠤᠨ ᠤ ᠤᠶᠤᠨᠲᠤ ᠲᠠᠷᠢᠶᠠᠯᠠᠩ ᠤᠨ ᠪᠦᠲᠦᠭᠡᠭᠳᠡᠬᠦᠨ ᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠪᠣᠯᠤᠨ ᠬᠤᠳᠠ ᠶᠢᠨ ᠶᠠᠪᠤᠳᠠᠯ ᠤᠨ ᠦᠢᠯᠡᠴᠢᠯᠡᠭᠡ ᠎ ᠶᠢᠨ ᠲᠥᠪ ᠳᠤ ᠬᠦᠷᠴᠦ᠂ ︽ᠭᠡᠷᠡᠴᠢᠯᠡᠯ ᠦᠬᠡᠢ ᠬᠤᠳᠠ︾᠎ ᠶᠢᠨ ᠪᠦᠳᠦᠬᠡᠨ ᠪᠠᠶᠢᠭᠤᠯᠤᠯᠲᠠ᠂ ᠬᠤᠳᠠᠯᠳᠤᠭᠠᠨ ᠤ ᠡᠷᠦᠬᠡ ᠶᠢᠨ ᠢᠲᠡᠭᠡᠮᠵᠢ ᠶᠢ ᠲᠡᠰ ᠬᠤᠪᠢᠶᠠᠨ ᠬᠠᠮᠢᠶᠠᠷᠬᠤ᠂ ︽ᠢᠲᠡᠭᠡᠮᠵᠢ +︾ ᠲᠣᠭᠲᠠᠴᠠ ᠶᠢᠨ ᠠᠵᠢᠯᠯᠠᠭᠠᠨ ᠪᠣᠯᠤᠨ ᠭᠡᠷ᠎ᠡ ᠠᠴᠠ ᠵᠥᠷᠢᠴᠡᠵᠦ ᠢᠲᠡᠭᠡᠯ ᠠᠯᠳᠠᠭᠰᠠᠨ ᠵᠠᠭᠠᠯᠳᠤᠯᠭ᠎ᠠ ᠶᠢ ᠬᠦᠯᠢᠶᠠᠨ ᠠᠪᠴᠤ ᠰᠢᠢᠳᠪᠦᠷᠢᠯᠡᠭᠰᠡᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠪᠣᠯ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ︽ᠵᠢᠷᠭᠤᠭᠠᠨ ᠢᠨᠵᠧᠨᠧᠷᠢᠩ︾᠎ ᠤᠨ ᠨᠢᠭᠡ ᠪᠣᠯᠤᠨ᠎ᠠ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠡᠯ᠎ᠡ ᠲᠦᠷᠦᠯ ᠤᠨ ᠪᠠᠶᠢᠭᠤᠯᠤᠯᠲᠠ ᠶᠢᠨ ᠡᠭᠦᠷᠭᠡ ᠶᠢ ᠲᠡᠷᠡ ᠶᠣᠰᠣᠭᠠᠷ ᠨᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠢᠲᠡᠭᠡᠮᠵᠢ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠢᠲᠡᠭᠡᠮᠵᠢ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠢᠲᠡᠭᠡᠮᠵᠢ ᠶᠢᠨ ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠭᠦᠳᠴᠦ᠂ ᠢᠲᠡᠭᠡᠮᠵᠢ ᠶᠢᠨ ᠦᠢᠯᠡᠴᠢᠯᠡᠭᠡᠨ ᠤ ᠬᠦᠷᠢᠶ᠎ᠡ ᠶᠢ ᠥᠷᠭᠡᠳᠬᠡᠨ᠂ ᠠᠵᠢᠯᠯᠠᠭᠠᠨ ᠨᠢ ᠥᠨᠳᠥᠷ ᠪᠦᠲᠦᠮᠵᠢᠲᠡᠶ᠂ ᠦᠢᠯᠡ ᠠᠵᠢᠯᠯᠠᠭ᠎ᠠ ᠨᠢ ᠵᠢᠷᠤᠮᠵᠢᠯ ᠲᠠᠢ᠂ ᠬᠢᠨᠠᠯᠲᠠ ᠬᠠᠮᠢᠶᠠᠷᠤᠯᠲᠠ ᠨᠢ ᠬᠦᠴᠦᠲᠡᠶ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠨᠢᠭᠡ ᠪᠦᠯᠦᠭ ᠰᠤᠷᠤᠯᠴᠠᠵᠤ ᠪᠣᠯᠬᠤ᠂ ᠳᠡᠯᠭᠡᠷᠡᠭᠦᠯᠵᠦ ᠪᠣᠯᠬᠤ ᠠᠷᠭ᠎ᠠ ᠲᠤᠷᠰᠢᠯᠭ᠎ᠠ ᠶᠢ ᠳ᠋ᠦᠩᠨᠡᠨ ᠪᠦᠷᠢᠯᠳᠦᠭᠦᠯᠬᠦ ᠬᠡᠷᠡᠭᠲᠡᠶ᠃ ᠭᠡᠷ᠎ᠡ ᠪᠠᠨ ᠭᠦᠢᠴᠡᠳᠬᠡᠵᠦ ᠠᠮᠠᠯᠠᠯᠲᠠ ᠪᠠᠨ ᠪᠡᠶᠡᠯᠡᠭᠦᠯᠬᠦ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠬᠦᠳᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠡᠯ᠎ᠡ ᠲᠦᠷᠦᠯ ᠤᠨ ᠲᠦᠷᠦ ᠶᠢᠨ ᠪᠤᠳᠤᠯᠭ᠎ᠠ ᠪᠠ ᠠᠮᠠᠯᠠᠯᠲᠠ ᠶᠢᠨ ᠵᠦᠢᠯᠡᠰ ᠢ ᠪᠡᠶᠡᠯᠡᠭᠦᠯᠬᠦ ᠶᠢ ᠰᠠᠶᠢᠲᠤᠷ ᠠᠳᠬᠤᠵᠤ᠂ ᠵᠠᠰᠠᠭ ᠤᠨ ᠶᠠᠪᠤᠳᠠᠯ ᠤᠨ ᠢᠲᠡᠭᠡᠯ ᠠᠯᠳᠠᠭᠰᠠᠨ ᠠᠵᠢᠯᠯᠠᠭ᠎ᠠ ᠶᠢ ᠡᠷᠡᠰ ᠬᠤᠷᠢᠭᠯᠠᠵᠤ᠂ ᠵᠠᠰᠠᠭ ᠤᠨ ᠣᠷᠳᠣᠨ ᠤ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠬᠦ ᠨᠡᠶᠢᠭᠡᠮ ᠤᠨ ᠦᠨᠡᠨᠴᠢ ᠢᠲᠡᠭᠡᠮᠵᠢᠲᠡᠢ ᠪᠠᠶᠢᠬᠤ ᠶᠢ ᠳᠠᠶᠢᠴᠢᠯᠠᠬᠤ ᠬᠡᠷᠡᠭᠲᠡᠢ᠃ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠦᠨᠡᠨᠴᠢ ᠢᠲᠡᠭᠡᠮᠵᠢᠲᠡᠢ ᠪᠠᠷ ᠬᠠᠤᠯᠢ ᠶᠢ ᠰᠠᠬᠢᠵᠤ ᠡᠵᠡᠩᠨᠡᠬᠦ ᠶᠢ ᠬᠥᠮᠦᠵᠢᠭᠦᠯᠦᠨ ᠬᠦᠳᠦᠯᠦᠨ ᠵᠢᠯᠣᠭᠤᠳᠴᠤ᠂ ᠢᠲᠡᠭᠡᠮᠵᠢ ᠲᠠᠢ ᠪᠠᠶᠢᠬᠤ ᠶᠢ ᠬᠤᠯᠪᠣᠭᠠᠯᠠᠨ ᠵᠤᠷᠢᠬᠵᠢᠭᠤᠯᠬᠤ ᠪᠠ ᠢᠲᠡᠭᠡᠯ ᠠᠯᠳᠠᠭᠰᠠᠳ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠲᠦᠷᠢᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠢᠲᠡᠭᠡᠮᠵᠢ ᠲᠠᠢ ᠬᠥᠮᠦᠰ ᠲᠤ ᠠᠰᠢᠭ ᠬᠦᠷᠲᠡᠭᠡᠵᠦ᠂ ᠢᠲᠡᠭᠡᠯ ᠠᠯᠳᠠᠭᠰᠠᠳ ᠲᠤ ᠬᠢᠵᠠᠭᠠᠷᠯᠠᠯ ᠣᠯᠭᠤᠵᠤ᠂ ᠲᠥᠪ ᠭᠤᠣᠯᠴᠢ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠬᠤ ᠬᠡᠷᠡᠭᠲᠡᠢ᠃ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠮᠡᠳᠡᠭᠡ ᠵᠠᠩᠭᠢᠵᠢᠯᠲᠠ᠂ ᠤᠶᠤᠨᠴᠢᠯᠠᠯᠳᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠤᠭ᠎ᠠ ᠪᠠᠷᠢᠮᠲᠠ ᠪᠠᠷ ᠠᠵᠢᠯ ᠶᠠᠪᠤᠳᠠᠯ ᠡᠷᠬᠢᠯᠡᠬᠦ ᠶᠠᠪᠤᠴᠠ ᠶᠢ ᠰᠢᠯᠢᠳᠡᠭᠵᠢᠭᠦᠯᠵᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠳᠤ ᠬᠦᠴᠦᠨ ᠨᠡᠮᠡᠷᠢᠯᠡᠵᠦ᠂ ᠤᠯᠠᠨ ᠲᠦᠮᠡᠨ ᠪᠠ ᠠᠵᠤ ᠠᠬᠤᠶᠢᠯᠠᠯ ᠤᠨ ᠠᠵᠢᠯ ᠶᠠᠪᠤᠳᠠᠯ ᠡᠷᠬᠢᠯᠡᠬᠦ ᠳᠤ ᠬᠠᠨᠤᠮᠵᠢ ᠶᠢᠨ ᠬᠡᠮᠵᠢᠶ᠎ᠡ ᠪᠠ ᠬᠦᠷᠲᠡᠮᠵᠢ ᠶᠢᠨ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠤᠯᠠᠨ ᠶᠠᠩᠵᠤ ᠶᠢᠨ ᠬᠡᠯᠪᠡᠷᠢ ᠲᠠᠢ᠂ ᠥᠷᠭᠡᠨ ᠬᠡᠪᠴᠢᠶᠡᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢ ᠪᠤᠢ ᠪᠣᠯᠭᠠᠵᠤ᠂ ᠦᠨᠡᠨᠴᠢ ᠢᠲᠡᠭᠡᠮᠵᠢ ᠶᠢᠨ ᠰᠣᠶᠣᠯ ᠢ ᠤᠯᠠᠮᠵᠢᠯᠠᠨ ᠪᠠᠳᠠᠷᠠᠭᠤᠯᠵᠤ᠂ ᠬᠥᠮᠦᠨ ᠪᠦᠬᠦᠨ ᠦᠨᠡᠨᠴᠢ ᠢᠲᠡᠭᠡᠮᠵᠢ ᠶᠢ ᠡᠷᠬᠢᠮᠯᠡᠬᠦ᠂ ᠶᠠᠪᠤᠳᠠᠯ ᠪᠦᠬᠦᠨ ᠳᠤ ᠦᠨᠡᠨᠴᠢ ᠢᠲᠡᠭᠡᠮᠵᠢ ᠶᠢ ᠴᠢᠬᠤᠯᠠᠴᠢᠯᠠᠬᠤ᠂ ᠭᠠᠵᠠᠷ ᠪᠣᠯᠭᠠᠨ ᠳᠤ ᠦᠨᠡᠨᠴᠢ ᠢᠲᠡᠭᠡᠮᠵᠢ ᠲᠠᠢ ᠪᠠᠶᠢᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠪᠡ᠃       ᠡᠵᠡᠨ ᠬᠤᠷᠤᠭ᠎ᠠ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠴᠢᠶᠣᠤ ᠰᠢᠶᠤᠤ ᠵᠢᠶᠦ᠋ᠨ ᠪᠠᠷ᠎ᠠ ᠪᠣᠯᠪᠠ᠃    
ᠢᠷᠡᠯᠲᠡ᠄ ᠲᠤᠯᠭᠠᠨ ᠰᠣᠨᠢᠨ ᠮᠡᠳᠡᠭᠡ