ᠯᠢᠦ ᠰᠢᠶᠤᠤ ᠳ᠋ᠦᠩ ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠨ  ᠰᠤᠳᠤᠯᠪᠠ
ᠨᠡᠶᠢᠲᠡᠯᠡᠭᠰᠡᠨ ᠴᠠᠭ᠄
2024/6/25
      6 ᠳ᠋ᠤᠭᠠᠷ ᠰᠠᠷ᠎ᠠ ᠶᠢᠨ 24᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠲᠠᠳ᠋ ᠳᠠᠷᠤᠭ᠎ᠠ ᠯᠢᠦ ᠰᠢᠶᠤᠤ ᠳ᠋ᠦᠩ ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ  ᠠᠯᠳᠠᠨᠰᠢᠷᠡᠬᠡᠳᠤ ᠪᠠᠯᠭᠠᠰᠤ ᠶᠢᠨ ᠶᠢᠨ ᠬᠤᠢ ᠶᠡᠭᠡ ᠠᠰᠠᠷ ᠤᠨ ᠪᠠᠷᠠᠭᠤᠨ ᠲᠠᠯ᠎ᠠ ᠶᠢᠨ ᠬᠤᠳᠠᠯᠳᠤᠭᠠᠨ ᠤ ᠵᠡᠭᠡᠯᠢ᠂ ᠸᠠᠨ ᠵᠢᠶᠠ ᠢᠦᠢ ᠶᠤᠸᠠᠨ ᠤ ᠤᠰᠤ ᠬᠤᠷᠠᠬᠤ ᠴᠡᠭ᠂ ᠎ ᠲᠠᠢ ᠺᠠᠩ ᠵᠡᠭᠦᠨ ᠵᠡᠭᠡᠯᠢ ᠶᠢᠨ ᠬᠤᠲᠣᠭᠤᠷ ᠭᠠᠵᠠᠷ᠂ ᠨᠠᠷᠢᠨᠲᠤᠬᠤᠢ ᠪᠠᠯᠭᠠᠰᠤᠨ ᠤ ᠬᠢᠵᠠᠭᠠᠷ ᠲᠠᠬᠢ ᠠᠯᠳᠠᠨᠰᠢᠷᠡᠬᠡᠳᠤ ᠠᠴᠠ ᠱᠧᠩ ᠶᠤᠸᠠᠨ ᠨᠠᠬᠦᠷᠠᠰᠤ ᠬᠢᠮᠢ ᠶᠢᠨ ᠠᠵᠤ ᠦᠢᠯᠡᠳᠪᠤᠷᠢ ᠶᠢᠨ ᠰᠠᠭᠤᠷᠢᠨ ᠬᠦᠷᠬᠦ ᠱᠤᠭᠤᠮ ᠤᠨ ᠤᠰᠤ ᠦᠩᠭᠡᠷᠡᠭᠦᠯᠬᠦ ᠵᠠᠮ ᠤᠨ ᠭᠠᠳᠠᠷᠭᠤ᠂ ᠲᠦᠩ ᠹᠦ᠋ ᠨᠡᠭᠦᠷᠡᠰᠦᠨ ᠠᠭᠤᠷᠬᠠᠢ ᠶᠢᠨ ᠰᠢᠷᠣᠢ ᠭᠠᠳᠠᠭᠰᠢᠯᠠᠭᠤᠯᠬᠤ ᠲᠠᠯᠠᠪᠠᠢ᠂ ᠪᠦᠦ ᠱᠠᠨ ᠨᠡᠭᠦᠷᠡᠰᠦᠨ ᠠᠭᠤᠷᠬᠠᠢ ᠶᠢᠨ ᠲᠤᠬᠢᠷᠠᠭᠤᠯᠤᠯᠳᠠ ᠶᠢᠨ ᠲᠠᠰᠤᠭ᠂ ᠲᠤᠯᠤᠭᠠᠨᠲᠠᠢ ᠲᠣᠰᠬᠤᠨ ᠤ ᠦ᠋ ᠵᠢᠶᠠ ᠯᠢᠶᠠᠩ ᠬᠤᠷᠰᠢᠶ᠎ᠠ ᠶᠢᠨ ᠨᠦᠯᠦᠮᠡᠯ ᠭᠠᠵᠠᠷ ᠤᠨ ᠬᠠᠰᠢᠯᠭ᠎ᠠ ᠵᠡᠷᠭᠡ ᠎ ᠪᠠᠷ ᠬᠦᠷᠴᠦ᠂ ᠦᠶᠡᠷ ᠢ ᠰᠡᠷᠭᠡᠶᠢᠯᠡᠬᠦ ᠪᠡᠯᠡᠳᠬᠡᠯ ᠲᠥᠰᠦᠯ ᠲᠣᠭᠲᠠᠭᠠᠬᠤ᠂  ᠲᠥᠬᠦᠭᠡᠷᠦᠮᠵᠢ ᠶᠢᠨ ᠠᠵᠢᠯᠯᠠᠵᠤ ᠪᠠᠶᠢᠭ᠎ᠠ ᠪᠠᠶᠢᠳᠠᠯ᠂ ᠡᠳ᠋ ᠪᠣᠳᠠᠰ ᠤᠨ ᠨᠥᠭᠡᠴᠡ ᠶᠢᠨ ᠬᠠᠮᠢᠶᠠᠷᠤᠯᠲᠠ᠂ ᠬᠥᠮᠦᠰ ᠤᠨ ᠵᠢᠵᠢᠭᠦᠷᠯᠡᠨ ᠰᠠᠬᠢᠬᠤ ᠵᠡᠷᠭᠡ ᠪᠠᠶᠢᠳᠠᠯ ᠢ ᠨᠠᠷᠢᠨ ᠣᠶᠢᠯᠠᠭᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠴᠢᠬᠤᠯᠠᠴᠢᠯᠠᠭᠰᠠᠨ ᠨᠢ᠂ ᠦᠶᠡᠷ ᠢ  ᠰᠡᠷᠭᠡᠶᠢᠯᠡᠬᠦ ᠪᠡᠯᠡᠳᠬᠡᠯ ᠠᠵᠢᠯ ᠨᠢ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠪᠠ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠲᠠᠢ ᠬᠤᠯᠪᠣᠭᠳᠠᠵᠤ ᠪᠠᠶᠢᠳᠠᠭ᠂ ᠬᠠᠮᠢᠶ᠎ᠠ ᠪᠥᠬᠦᠶ ᠪᠠᠯᠭᠠᠰᠤ᠂ ᠰᠠᠯᠠᠭ᠎ᠠ ᠮᠥᠴᠢᠷ ᠤᠨ ᠬᠢᠨ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠡᠨᠡ ᠬᠦ ᠬᠥᠪᠴᠢ ᠶᠢ ᠢᠮᠠᠭᠲᠠ ᠴᠢᠩᠭᠠᠯᠠᠵᠤ᠂ ᠪᠥᠬᠦ ᠬᠤᠰᠢᠭᠤᠨ ᠤ ᠡᠯ᠎ᠡ ᠵᠤᠶᠢᠯ ᠤᠨ ᠦᠶᠡᠷ ᠢ ᠰᠡᠷᠭᠡᠶᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠦᠶᠡᠷ ᠢ ᠰᠡᠷᠭᠡᠶᠢᠯᠡᠬᠦ ᠡᠳ᠋ ᠪᠣᠳᠠᠰ ᠢ ᠨᠥᠭᠡᠴᠡᠯᠡᠬᠦ ᠶᠢ ᠴᠢᠩᠭᠠᠳᠬᠠᠵᠤ᠂ ᠴᠢᠩᠭ᠎ᠠ ᠵᠢᠷᠤᠮᠵᠢᠭᠤᠯᠤᠨ ᠬᠠᠮᠢᠶᠠᠷᠴᠤ᠂ ᠦᠶᠡᠷ ᠢ ᠰᠡᠷᠭᠡᠶᠢᠯᠡᠬᠦ ᠡᠳ᠋ ᠪᠣᠳᠠᠰ ᠢ ᠭᠦᠢᠴᠡᠳ ᠪᠡᠯᠡᠳᠬᠡᠬᠦ᠂ ᠲᠤᠬᠢᠷᠠᠭᠤᠯᠵᠤ ᠳᠡᠶᠢᠯᠬᠦ᠂ ᠲᠡᠭᠡᠭᠡᠪᠦᠷᠢᠯᠡᠵᠦ ᠳᠡᠶᠢᠯᠬᠦ᠂ ᠬᠡᠷᠡᠭᠯᠡᠵᠦ ᠳᠡᠶᠢᠯᠬᠦ ᠶᠢ ᠪᠠᠲᠤᠯᠠᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠦᠶᠡᠷ ᠤᠨ ᠡᠮᠦᠨᠡᠬᠢ ᠡᠯ᠎ᠡ ᠵᠤᠶᠢᠯ ᠤᠨ ᠠᠮᠤᠷ ᠲᠦᠪᠰᠢᠨ ᠤ ᠪᠠᠶᠢᠴᠠᠭᠠᠯᠲᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠰᠢᠨᠵᠢᠯᠡᠬᠦ ᠤᠬᠠᠭᠠᠨᠴᠢ ᠪᠦᠲᠦᠮᠵᠢᠲᠡᠶ ᠵᠠᠰᠠᠯᠲᠠ ᠶᠢᠨ ᠠᠷᠭ᠎ᠠ ᠬᠡᠮᠵᠢᠶ᠎ᠡ ᠶᠢ ᠤᠷᠢᠳᠴᠢᠯᠠᠨ ᠲᠣᠭᠲᠠᠭᠠᠵᠤ᠂ ᠠᠰᠠᠭᠤᠳᠠᠯ ᠢ ᠲᠦᠷᠭᠡᠬᠡᠨ  ᠰᠢᠢᠳᠪᠤᠷᠢᠯᠠᠵᠤ᠂ ᠬᠡᠮ ᠰᠣᠭᠤᠭ ᠢ ᠠᠷᠢᠯᠭᠠᠬᠤ ᠬᠡᠷᠡᠭᠲᠡᠶ᠃ ᠪᠣᠷᠣᠭᠠᠨ ᠤ ᠪᠠᠶᠢᠳᠠᠯ᠂ ᠤᠰᠤᠨ ᠤ ᠪᠠᠶᠢᠳᠠᠯ ᠪᠣᠯᠤᠨ ᠦᠶᠡᠷ ᠤᠨ ᠪᠠᠶᠢᠳᠠᠯ ᠤᠨ ᠬᠤᠪᠢᠷᠠᠯᠲᠠ ᠶᠢ ᠨᠢᠭᠲᠠ ᠠᠵᠢᠭᠯᠠᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠤᠷᠢᠳᠴᠢᠯᠠᠨ ᠮᠡᠳᠡᠭᠡᠯᠡᠬᠦ ᠠᠵᠢᠯ ᠢ  ᠤᠨᠤᠪᠴᠢᠳᠡᠢ ᠨᠠᠷᠢᠯᠢᠭ ᠰᠠᠶᠢᠲᠤᠷ ᠬᠢᠵᠦ᠂ ᠦᠶᠡᠷ ᠢ  ᠰᠡᠷᠬᠡᠶᠢᠯᠡᠨ ᠠᠷᠭᠠᠴᠠᠭᠠᠬᠤ ᠲᠣᠭᠲᠠᠴᠠ ᠶᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠤᠷᠢᠳᠴᠢᠯᠠᠨ ᠪᠠᠶᠢᠷᠢᠯᠠᠭᠤᠯᠵᠤ᠂ ᠲᠦᠷᠭᠡᠨ ᠴᠤᠤᠷᠢᠶᠠᠲᠤᠨ ᠲᠠᠭᠠᠵᠤ᠂ ᠪᠦᠲᠦᠮᠵᠢᠲᠡᠢ ᠠᠷᠭᠠᠴᠠᠭᠠᠬᠤ ᠶᠢ ᠪᠡᠶᠡᠯᠡᠭᠦᠯᠵᠦ᠂ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠬᠤᠳᠠ ᠶᠢᠨ  ᠡᠷᠬᠢᠯᠳᠡ ᠶᠢᠨ ᠡᠮᠬᠢ ᠳᠢᠭᠯᠢᠮ ᠢ ᠦᠨᠡᠨ ᠬᠦ ᠰᠠᠶᠢᠲᠤᠷ ᠬᠠᠮᠠᠭᠠᠯᠠᠵᠤ᠂ ᠤᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠰᠠᠶᠢᠲᠤᠷ ᠪᠠᠲᠤᠯᠠᠬᠤ ᠬᠡᠷᠡᠭᠲᠡᠢ ᠬᠡᠰᠡᠨ ᠪᠠᠶᠢᠨ᠎ᠠ᠃                
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ