6 ᠰᠠᠷ᠎ᠠ ᠶᠢᠨ 18 ᠤ ᠡᠳᠦᠷ᠂ 2024 ᠣᠨ ᠤ ᠪᠥᠬᠦ ᠤᠯᠤᠰ ᠤᠨ ᠵᠠᠰᠠᠮᠠᠯ ᠵᠠᠮ ᠤᠨ ᠳᠤᠭᠤᠶ ᠲᠡᠷᠭᠡᠨ ᠤ ᠮᠠᠩᠯᠠᠶ ᠰᠢᠯᠭᠠᠷᠠᠭᠤᠯᠬᠤ ᠤᠷᠤᠯᠳᠤᠭᠠᠨ | ᠬᠤᠶᠠᠳᠠᠬᠢ ᠡᠳᠦᠷ ᠲᠤ ᠪᠠᠨ ᠤᠷᠤᠵᠤ᠂ ᠪᠦᠬᠦ ᠤᠯᠤᠰ ᠤᠨ ᠵᠠᠰᠠᠮᠠᠯ ᠵᠠᠮ ᠤᠨ ᠳᠤᠭᠤᠶ ᠲᠡᠷᠭᠡᠨ ᠤ ᠮᠠᠩᠯᠠᠶ ᠰᠢᠯᠭᠠᠷᠠᠭᠤᠯᠬᠤ ᠤᠷᠤᠯᠳᠤᠭᠠᠨ ᠤ ᠲᠤᠭᠤᠶᠢᠯᠠᠩ ᠤᠨ | ᠤᠷᠤᠯᠳᠤᠭᠠᠨ ᠪᠠ ᠢᠳᠡᠷᠴᠤᠳ ᠤᠨ ᠤᠷᠤᠯᠳᠤᠭᠠᠨ ᠶᠠᠪᠤᠭᠳᠠᠵᠤ᠂ ᠡᠯ᠎ᠡ ᠲᠤᠭᠤᠶᠢᠯᠠᠩ ᠤᠨ ᠲᠠᠮᠢᠷᠴᠢᠳ ᠪᠦᠯᠬᠦᠮᠳᠡᠨ ᠬᠠᠪᠰᠤᠷᠤᠯᠴᠠᠵᠤ᠂ ᠡᠷᠭᠡ ᠲᠡᠭᠰᠢ ᠪᠠᠷ | ᠦᠷᠢᠰᠤᠯᠳᠤᠨ᠂ ︽ᠬᠤᠷᠳᠤᠴᠠ ᠪᠠ ᠤᠷᠮ᠎ᠠ ᠵᠤᠷᠢᠭ︾ ᠢ ᠲᠠᠬᠢᠨᠳᠠ ᠬᠠᠷᠠᠭᠤᠯᠤᠯ᠎ᠠ᠃ | ᠲᠤᠭᠤᠶᠢᠯᠠᠩ ᠤᠨ ᠤᠷᠤᠯᠳᠤᠭᠤᠨ ᠳᠤ 13 ᠲᠥᠯᠥᠭᠡᠯᠡᠭᠴᠢᠳ ᠤᠨ ᠠᠩᠭᠢ ᠤᠷᠤᠯᠴᠠᠨ᠂ ᠶᠡᠷᠦᠩᠬᠡᠶ ᠵᠠᠮ ᠤᠨ ᠤᠷᠲᠤ ᠨᠢ 25 + 25 ᠺᠢᠯᠣᠮᠧᠲᠷ | ᠪᠠᠶᠢᠵᠤ᠂ ᠰᠢᠨᠳᠠᠷᠠᠰᠢ ᠦᠭᠡᠢ ᠴᠢᠷᠮᠠᠶᠢᠯᠠᠭ᠎ᠠ ᠪᠠᠷ ᠲᠠᠮᠵᠢᠨ ᠬᠠᠷᠠᠮᠥ᠋ᠷᠡᠨ ᠮᠤᠵᠢ ᠶᠢᠨ ᠲᠤᠭᠤᠶᠢᠯᠠᠩ 59᠄ 10 . 61 ᠶᠢᠨ ᠬᠢᠷᠢ ᠪᠦᠲᠦᠮᠵᠢ ᠪᠠᠷ ᠮᠠᠩᠯᠠᠶᠢᠯᠠᠵᠤ᠂ | ᠳᠤᠮᠳᠠᠴᠢ ᠬᠤᠷᠳᠤᠴᠠ ᠨᠢ 50 . 696 km / h ᠳᠤ ᠬᠦᠷᠴᠡᠶ᠃ ᠲᠡᠳᠡ᠂ ᠪᠢᠳᠠᠨ ᠤ ᠵᠠᠯᠠᠭᠤ ᠲᠠᠮᠢᠷᠴᠢᠳ ᠤᠨ ᠬᠦᠴᠦᠨ ᠴᠢᠩᠭ᠎ᠠ᠂ ᠪᠦᠯᠬᠦᠮ ᠤᠨ | ᠬᠠᠮᠵᠢᠯᠴᠠᠭ᠎ᠠ ᠴᠤ ᠮᠠᠰᠢ ᠰᠠᠶᠢᠨ᠂ ᠬᠦᠮᠤᠨ ᠪᠦᠬᠦᠨ ᠶᠡᠭᠡ ᠴᠢᠷᠮᠠᠶᠢᠯᠠᠭ᠎ᠠ ᠭᠠᠷᠭᠠᠭᠰᠠᠨ ᠭᠡᠵᠦ ᠦᠵᠡᠨ᠂ ᠲᠠᠷᠠᠭᠠᠴᠢ ᠶᠢᠨ ᠬᠤᠶᠠᠷ ᠡᠳᠦᠷ ᠤᠨ ᠤᠷᠤᠯᠳᠤᠭᠤᠨ ᠳᠤ | ᠬᠦᠴᠤᠨ ᠴᠢᠳᠠᠯ ᠢᠶᠠᠨ ᠨᠠᠩ ᠰᠠᠶᠢᠨ ᠪᠠᠳᠠᠷᠠᠭᠤᠯᠬᠤ ᠶᠢ ᠬᠦᠰᠡᠭᠰᠡᠨ ᠪᠠᠢᠨ᠎ᠠ᠃ | ᠡᠷᠡᠭᠲᠡᠶ ᠶᠢᠨ ᠢᠳᠡᠷᠴᠤᠳ ᠤᠨ ᠤᠷᠤᠯᠳᠤᠭᠠᠨ ᠪᠠ ᠡᠮᠡᠭᠲᠡᠶ ᠶᠢᠨ ᠢᠳᠡᠷᠴᠦᠳ ᠤᠨ ᠤᠷᠤᠯᠳᠤᠭᠠᠨ ᠳᠤ᠂ ᠾᠧᠨᠠᠨ ᠤ ᠪᠠ ᠳ᠋ᠢ ᠷᠦᠢ ᠵᠢᠷᠤᠭ ᠲᠥᠰᠦᠪ ᠤᠨ | ᠠᠩᠭᠢ ᠶᠢᠨ ᠯᠢᠦ ᠶᠠᠩ ᠱᠦᠸᠧ ᠪᠣᠯᠤᠨ ᠬᠤᠨᠠᠨ ᠤ ᠠᠩᠭᠢ ᠶᠢᠨ ᠸᠠᠩ ᠱᠢ ᠢᠦᠶ ᠲᠤᠰ ᠲᠤᠰ 39᠄ 17 . 52 ᠪᠠ 22᠄ 22 . 85 ᠶᠢᠨ ᠰᠠᠶᠢᠨ ᠬᠢᠷᠢ | ᠪᠦᠲᠦᠮᠵᠢ ᠪᠠᠷ ᠮᠠᠩᠯᠠᠶᠢᠯᠠᠪᠠ᠃ | ᠳᠤᠭᠤᠶ ᠲᠡᠷᠭᠡᠨ ᠤ ᠤᠷᠤᠯᠳᠤᠭᠠᠨ ᠪᠣᠯ ᠲᠡᠰᠪᠦᠷᠢ ᠲᠡᠪᠴᠢᠶᠡᠷᠢ ᠪᠠ ᠵᠣᠷᠢᠭ ᠰᠥᠰᠥ ᠶᠢ ᠰᠣᠷᠢᠬᠤ ᠨᠢᠭᠡ ᠵᠣᠶᠢᠯ ᠤᠨ ᠬᠥᠳᠡᠯᠭᠡᠭᠡᠨ ᠮᠥᠨ᠂ ᠪᠠᠰᠠ ᠴᠤ | ᠪᠣᠬᠢᠷᠲᠤᠯ ᠥᠬᠡᠶ ᠡᠷᠡᠭᠦᠯ ᠴᠢᠭᠢᠷᠠᠭ᠂ ᠳᠤᠤᠷ᠎ᠠ ᠨᠡᠭᠦᠷᠡᠰᠦᠲᠥ᠋ᠷᠥᠭᠴᠢᠲᠦ ᠬᠡᠷ ᠤᠨ ᠭᠠᠳᠠᠨᠠᠬᠢ ᠬᠥᠳᠡᠯᠭᠡᠭᠡᠨ ᠪᠤᠯᠤᠨ᠎ᠠ᠃ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠲᠠᠮᠢᠷᠴᠢᠨ ᠴᠤ ᠡᠨᠡ ᠤᠳᠠᠭᠠᠨ ᠤ ᠤᠷᠤᠯᠳᠤᠭᠠᠨ ᠳᠤ ᠪᠦᠬᠦ ᠬᠦᠴᠤ ᠪᠠᠷ ᠢᠶᠠᠨ ᠴᠢᠷᠮᠠᠶᠢᠨ᠂ ᠢᠳᠡᠷᠴᠦᠳ ᠤᠨ ᠤᠷᠤᠯᠳᠤᠭᠠᠨ ᠳᠤ ᠮᠠᠨ ᠤ | ᠦᠪᠤᠷ ᠮᠤᠩᠭᠤᠯ ᠤᠨ ᠲᠠᠮᠢᠷᠴᠢᠨ ᠯᠢ ᠽᠢ ᠬᠠᠨ 47.159 ᠶᠢᠨ ᠬᠢᠷᠢ ᠪᠦᠳᠤᠮᠵᠢ ᠪᠠᠷ ᠲᠡᠳ᠋ᠯᠡᠵᠦ᠂ ᠲᠤᠰ ᠤᠳᠠᠭᠠᠨ ᠤ ᠤᠷᠤᠯᠳᠤᠭᠠᠨ ᠤ ᠦᠪᠤᠷ ᠮᠤᠩᠭᠤᠯ ᠤᠨ | ᠲᠤᠭᠤᠢ ᠲᠡᠷᠭᠡᠨ ᠤ ᠬᠤᠪᠢ ᠬᠦᠮᠤᠨ ᠤ ᠬᠠᠮᠤᠭ ᠤᠨ ᠦᠨᠳᠤᠷ ᠬᠢᠷᠢ ᠪᠦᠳᠤᠮᠵᠢ ᠶᠢ ᠤᠯᠤᠭᠰᠠᠨ ᠪᠠᠶᠢᠨ᠎ᠠ᠃ | ᠣᠶᠢᠷ᠎ᠠ ᠶᠢᠨ ᠵᠢᠯ ᠠᠴᠠ ᠨᠠᠭᠠᠰᠢ᠂ ᠡᠵᠡᠨ ᠬᠤᠷᠤᠭ᠎ᠠ ᠬᠤᠰᠢᠭᠤ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠲᠠᠰᠤᠷᠠᠯᠲᠠ ᠥᠬᠡᠶ ᠲᠦᠷᠭᠡᠳᠬᠡᠵᠦ᠂ | ᠢᠵᠢ ᠪᠥᠷᠢᠳᠦᠭᠰᠡᠨ ᠲᠥᠬᠦᠭᠡᠷᠦᠮᠵᠢ ᠶᠢ ᠰᠢᠯᠢᠳᠡᠭᠵᠢᠭᠦᠯᠦᠨ᠂ ︽ᠰᠣᠶᠣᠯ ᠵᠢᠭᠤᠯᠴᠢᠯᠠᠯ + ᠪᠡᠶ᠎ᠡ ᠶᠢᠨ ᠲᠠᠮᠢᠷ︾᠂ ︽ᠤᠷᠤᠯᠳᠤᠭᠠᠨ + ᠠᠵᠤ ᠦᠢᠯᠡᠰ︾ ᠤᠨ | ᠭᠦᠨᠵᠡᠭᠡᠶ ᠠᠭᠤᠰᠤᠯᠴᠠᠯ ᠢ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ ︽ᠬᠤᠷᠳᠤᠳᠬᠠᠯ︾ ᠢ ᠢᠯᠡᠷᠡᠬᠦᠯᠪᠡ᠃ | |