ᠡᠵᠡᠨ ᠬᠤᠷᠤᠭ᠎ᠠ ᠬᠤᠰᠢᠭᠤᠨ ᠤ ᠬᠤᠲᠠ ᠶᠢᠨ ᠲᠣᠭᠤᠷᠢᠭ ᠤᠨ ᠪᠠᠷᠢᠯᠭ᠎ᠠ ᠶᠢᠨ ᠬᠤᠭ ᠨᠣᠪᠰᠢ ᠎ ᠶᠢ ᠰᠢᠢᠳᠪᠦᠷᠢᠯᠡᠬᠦ᠂ ᠴᠡᠪᠡᠷᠯᠡᠨ ᠲᠡᠭᠡᠭᠡᠪᠦᠷᠢᠯᠡᠬᠦ ᠬᠠᠮᠢᠶᠠᠷᠤᠯᠲᠠ ᠶᠢ ᠵᠢᠷᠤᠮᠵᠢᠭᠤᠯᠬᠤ ᠲᠤᠬᠠᠶ ᠵᠠᠷᠯᠠᠯ
ᠨᠡᠶᠢᠲᠡᠯᠡᠭᠰᠡᠨ ᠴᠠᠭ᠄
2024/6/25
      ᠪᠥᠬᠦ ᠬᠤᠰᠢᠭᠤᠨ ᠤ ᠡᠯ᠎ᠡ ᠪᠠᠷᠢᠯᠭ᠎ᠠ ︵ᠬᠤᠲᠠ ᠶᠢᠨ ᠶᠠᠪᠤᠳᠠᠯ︶᠎ ᠎ ᠶᠢᠨ ᠠᠵᠤ ᠠᠬᠤᠶᠢᠯᠠᠯ᠂ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ᠂ ᠴᠡᠪᠡᠷᠯᠡᠨ ᠲᠡᠭᠡᠭᠡᠪᠦᠷᠢᠯᠡᠬᠦ ᠠᠵᠤ ᠠᠬᠤᠶᠢᠯᠠᠯ᠂ ᠵᠠᠰᠠᠯ ᠴᠢᠮᠡᠭᠯᠡᠯ ᠤᠨ ᠦᠢᠯᠡᠰ ᠤᠨ ᠡᠵᠡᠩᠨᠡᠭᠴᠢ᠄       ᠡᠵᠡᠨ ᠬᠤᠷᠤᠭ᠎ᠠ ᠬᠤᠰᠢᠭᠤᠨ ᠤ ᠪᠠᠷᠢᠯᠭ᠎ᠠ ᠶᠢᠨ ᠬᠤᠭ ᠨᠣᠪᠰᠢ ︵ᠬᠤᠭ ᠰᠢᠷᠣᠶ︶᠎ ᠶᠢ ᠰᠢᠢᠳᠪᠦᠷᠢᠯᠡᠬᠦ ᠶᠢ ᠤᠯᠠᠮ ᠨᠢᠭᠡ ᠠᠯᠬᠤᠮ ᠴᠢᠩᠭᠠᠳᠬᠠᠨ ᠵᠢᠷᠤᠮᠵᠢᠭᠤᠯᠬᠤ ᠶᠢᠨ ᠲᠥᠯᠥᠭᠡ᠂ ᠴᠡᠪᠡᠷᠯᠡᠨ ᠲᠡᠭᠡᠭᠡᠪᠦᠷᠢᠯᠡᠬᠦ ᠬᠠᠮᠢᠶᠠᠷᠤᠯᠲᠠ᠂ ᠳᠤᠷ᠎ᠠ ᠪᠠᠷ ᠬᠠᠶᠠᠵᠤ ᠠᠰᠬᠠᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠴᠡᠭᠴᠡᠯᠡᠨ ᠵᠠᠰᠠᠨ᠎ᠠ᠂ ᠪᠠᠷᠢᠯᠭ᠎ᠠ ᠶᠢᠨ ᠬᠤᠭ ᠨᠣᠪᠰᠢ ᠰᠢᠢᠳᠪᠦᠷᠢᠯᠡᠬᠦ ᠬᠠᠮᠢᠶᠠᠷᠤᠯᠲᠠ ᠶᠢᠨ ᠡᠮᠬᠢ ᠳᠢᠭᠯᠢᠮ ᠢ ᠵᠢᠷᠤᠮᠵᠢᠭᠤᠯᠬᠤ ᠬᠡᠷᠡᠭᠲᠡᠶ᠂ ᠰᠠᠶᠢᠨ ᠰᠠᠶᠢᠬᠠᠨ ᠠᠮᠢ ᠠᠬᠤᠶ ᠪᠠ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠢ ᠬᠠᠮᠠᠭᠠᠯᠠᠨ᠎ᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠢ ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ ᠬᠠᠤᠯᠢ︾᠂ ︽ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠶᠢᠨ ᠲᠣᠭᠲᠠᠭᠠᠯ︾᠂ ︽ᠬᠤᠲᠠ ᠶᠢᠨ ᠦᠵᠡᠮᠵᠢ ᠪᠣᠯᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠠᠮᠢᠶᠠᠷᠤᠯᠲᠠ ᠶᠢᠨ ᠳᠦᠷᠢᠮ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠪᠠᠷᠢᠯᠭ᠎ᠠ ᠶᠢᠨ ᠬᠤᠭ ᠨᠣᠪᠰᠢ ᠶᠢ ᠲᠤᠰᠬᠠᠶ ᠵᠦᠢᠯ ᠢᠶᠠᠷ ᠵᠠᠰᠠᠬᠤ ᠲᠥᠰᠦᠯ︾ ᠵᠡᠷᠭᠡ ᠬᠠᠤᠯᠢ ᠴᠠᠭᠠᠵᠠ  ᠲᠦᠷᠢᠮ ᠲᠣᠭᠲᠠᠭᠠᠯ ᠵᠢᠴᠢ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠤᠤᠷᠠᠬᠢ ᠮᠡᠲᠦ ᠵᠠᠷᠯᠠᠪᠠ᠄       ᠨᠢᠭᠡ᠂ ᠲᠤᠰ ᠵᠠᠷᠯᠠᠯ ᠳᠤ ᠬᠡᠯᠡᠵᠦ ᠪᠠᠶᠢᠭ᠎ᠠ ᠪᠠᠷᠢᠯᠭ᠎ᠠ ᠶᠢᠨ ᠬᠤᠭ ᠨᠣᠪᠰᠢ ᠭᠡᠳᠡᠭ ᠪᠣᠯ ᠪᠦᠳᠦᠭᠡᠨ ᠪᠠᠶᠢᠭᠤᠯᠬᠤ ᠨᠢᠭᠡᠴᠢ᠂ ᠪᠠᠷᠢᠯᠭ᠎ᠠ ᠶᠢᠨ ᠨᠢᠭᠡᠴᠢ ᠡᠯ᠎ᠡ ᠲᠦᠷᠦᠯ ᠤᠨ ᠪᠠᠷᠢᠯᠭ᠎ᠠ᠂ ᠪᠠᠷᠢᠯᠭ᠎ᠠ ᠶᠢᠨ ᠵᠦᠢᠯ᠂ ᠬᠤᠭᠤᠯᠠᠢ ᠶᠢᠨ ᠲᠣᠣᠷ ᠵᠡᠷᠭᠡ ᠶᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠪᠠ ᠨᠤᠷᠠᠭᠠᠬᠤ ᠵᠢᠴᠢ ᠰᠠᠭᠤᠭᠠᠯᠢ ᠠᠷᠠᠳ ᠤᠨ ᠭᠡᠷ ᠪᠠᠶᠢᠰᠢᠩ ᠢ ᠵᠠᠰᠠᠵᠤ ᠴᠢᠮᠡᠭᠯᠡᠬᠦ ᠶᠠᠪᠤᠴᠠ ᠳᠤ ᠡᠭᠦᠰᠦᠭᠰᠡᠨ ᠬᠠᠶᠠᠭᠳᠠᠮᠠᠯ ᠰᠢᠷᠣᠢ᠂ ᠬᠠᠶᠠᠭᠳᠠᠮᠠᠯ ᠮᠠᠲ᠋ᠧᠷᠢᠶᠠᠯ ᠵᠢᠴᠢ ᠪᠤᠰᠤᠳ ᠬᠠᠶᠠᠭᠳᠠᠮᠠᠯ ᠪᠣᠳᠠᠰ ᠢ ᠵᠢᠭᠠᠵᠤ ᠪᠠᠶᠢᠨ᠎ᠠ᠃      ᠬᠤᠶᠠᠷ᠂ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ᠂ ᠴᠡᠪᠡᠷᠯᠡᠨ ᠲᠡᠭᠡᠭᠡᠪᠦᠷᠢᠯᠡᠬᠦ ᠠᠵᠢᠯ ᠢ ᠬᠢᠬᠦ ᠶᠠᠮᠠᠷᠪᠠ ᠨᠢᠭᠡᠴᠢ ᠪᠣᠯᠤᠨ ᠬᠤᠪᠢ ᠬᠥᠮᠦᠨ ᠡᠷᠬᠡᠪᠰᠢ ᠳᠣᠣᠷᠠᠬᠢ ᠲᠣᠭᠲᠠᠭᠠᠯ ᠢ ᠵᠢᠷᠤᠮᠯᠠᠬᠤ ᠬᠡᠷᠡᠭᠲᠡᠢ ᠃       ︵ᠨᠢᠭᠡ︶ 6ᠰᠢᠢᠳᠪᠦᠷᠢᠯᠡᠬᠦ ᠶᠢ ᠬᠢᠨᠠᠨ ᠵᠥᠪᠰᠢᠶᠡᠷᠡᠬᠦ ᠭᠠᠷᠳᠠᠮ ᠢ ᠬᠦᠢᠴᠡᠳᠭᠡᠬᠦ ᠬᠡᠷᠡᠭᠲᠡᠶ᠃ ᠪᠠᠷᠢᠯᠭ᠎ᠠ ᠶᠢᠨ ᠬᠤᠭ ᠨᠣᠪᠰᠢ ᠶᠢ  ᠰᠢᠢᠳᠪᠦᠷᠢᠯᠡᠬᠦ ᠨᠢᠭᠡᠴᠡ ᠪᠠ ᠬᠤᠪᠢ ᠬᠥᠮᠦᠨ ᠡᠵᠡᠨ ᠬᠤᠷᠤᠭ᠎ᠠ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠳᠤ ᠭᠤᠶᠤᠴᠢᠯᠠᠯ ᠭᠠᠷᠭᠠᠵᠤ᠂ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢ  ᠰᠢᠢᠳᠪᠦᠷᠢᠯᠡᠬᠦ ᠶᠢ ᠬᠢᠨᠠᠨ ᠵᠥᠪᠰᠢᠶᠡᠷᠡᠭᠰᠡᠨ ᠤ ᠳᠠᠷᠠᠭ᠎ᠠ ᠰᠠᠶ᠋ᠢ  ᠰᠢᠢᠳᠪᠦᠷᠢᠯᠡᠵᠦ ᠪᠣᠯᠤᠨ᠎ᠠ᠃      ᠬᠢᠨᠠᠨ ᠵᠥᠪᠰᠢᠶᠡᠷᠡᠭᠦᠯᠬᠦ ᠭᠠᠷᠳᠠᠮ  ᠬᠦᠢᠴᠡᠳᠭᠡᠬᠦ ᠬᠠᠶ᠋ᠢᠭ᠄ ᠣᠷᠳᠣᠰ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠭᠤᠷᠪᠠᠳᠤᠭᠠᠷ ᠳᠠᠪᠬᠤᠷᠭ᠎ᠠ ᠶᠢᠨ B ᠲᠣᠭᠤᠷᠢᠭ ᠤᠨ B 301 - B 309᠂ B 313 ᠴᠤᠩᠬᠤᠪᠴᠢ ︵  ᠬᠠᠷᠢᠯᠴᠠᠬᠤ ᠤᠲᠠᠰᠤ᠄ 0477 - 8582179︶        ︵ᠬᠤᠶᠠᠷ︶ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ᠂ ᠴᠡᠪᠡᠷᠯᠡᠨ ᠲᠡᠭᠡᠭᠡᠪᠦᠷᠢᠯᠡᠬᠦ ᠱᠠᠭᠠᠷᠳᠠᠯᠭ᠎ᠠ ᠄        1 . ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠨᠢᠭᠡᠴᠡ ᠪᠠ ᠬᠤᠪᠢ ᠬᠥᠮᠦᠨ ᠪᠠᠷᠢᠯᠭ᠎ᠠ ᠶᠢᠨ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠳᠡᠭᠡᠨ᠂ ᠪᠠᠷᠢᠯᠭ᠎ᠠ ᠶᠢᠨ ᠬᠤᠭ ᠨᠣᠪᠰᠢ ᠶᠢ  ᠰᠢᠢᠳᠪᠦᠷᠢᠯᠡᠬᠦ ᠶᠢ ᠬᠢᠨᠠᠨ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠢ ᠲᠡᠷᠭᠡᠨ ᠳᠡᠭᠡᠨ ᠠᠪᠴᠤ ᠶᠠᠪᠤᠬᠤ ᠬᠡᠷᠡᠭᠲᠡᠶ ᠡᠵᠡᠨ ᠬᠤᠷᠤᠭ᠎ᠠ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠲᠣᠭᠲᠠᠭᠠᠭᠰᠠᠨ ᠴᠡᠪᠡᠷᠯᠡᠨ ᠲᠡᠭᠡᠭᠡᠪᠦᠷᠢᠯᠡᠬᠦ ᠵᠠᠮ ᠱᠤᠭᠤᠮ᠂ ᠴᠠᠭ ᠢᠶᠠᠷ ᠶᠠᠪᠤᠭᠤᠯᠬᠤ ᠬᠡᠷᠡᠭᠲᠡᠶ᠂ ᠪᠠᠷᠢᠯᠭ᠎ᠠ ᠶᠢᠨ ᠬᠤᠭ ᠨᠣᠪᠰᠢ ᠶᠢ ᠬᠠᠶᠠᠵᠤ᠂ ᠭᠡᠭᠡᠵᠦ ᠪᠣᠯᠬᠤ ᠥᠬᠡᠶ᠂ ᠬᠢᠨᠠᠨ ᠵᠥᠪᠰᠢᠶᠡᠷᠡᠭᠰᠡᠨ ᠬᠡᠪᠴᠢᠶ᠎ᠡ ᠠᠴᠠ ᠬᠡᠲᠦᠷᠡᠭᠦᠯᠦᠨ ᠪᠠᠷᠢᠯᠭ᠎ᠠ ᠶᠢᠨ ᠬᠤᠭ ᠨᠣᠪᠰᠢ ᠶᠢ ᠳᠠᠭᠠᠭᠠᠴᠢᠯᠠᠨ ᠲᠡᠭᠡᠭᠡᠪᠦᠷᠢᠯᠡᠵᠦ ᠪᠣᠯᠬᠤ ᠥᠬᠡᠶ᠃         2 . ᠶᠠᠮᠠᠷᠪᠠ ᠨᠢᠭᠡᠴᠢ ᠪᠠ ᠬᠤᠪᠢ ᠬᠥᠮᠦᠨ ᠪᠠᠷᠢᠯᠭ᠎ᠠ ᠶᠢᠨ ᠬᠤᠭ ᠨᠣᠪᠰᠢ ᠶᠢ ᠬᠢᠨᠠᠨ ᠵᠥᠪᠰᠢᠶᠡᠷᠡᠭᠦᠯᠦᠭᠰᠡᠨ ᠦᠭᠡᠢ ᠪᠠᠷ ᠪᠠᠷᠢᠯᠭ᠎ᠠ ᠶᠢᠨ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠠᠵᠢᠯ ᠬᠢᠵᠦ ᠪᠠᠶᠢᠭ᠎ᠠ ᠨᠢᠭᠡᠴᠢ ᠪᠤᠶᠤ ᠬᠤᠪᠢ ᠬᠥᠮᠦᠨ ᠳᠤ ᠲᠤᠰᠢᠶᠠᠨ ᠥᠭᠴᠦ ᠲᠡᠭᠡᠭᠡᠪᠦᠷᠢᠯᠡᠭᠦᠯᠵᠦ ᠪᠣᠯᠬᠤ ᠦᠭᠡᠢ᠃         3 . ᠲᠡᠭᠡᠭᠡᠪᠦᠷᠢ ᠶᠢᠨ ᠲᠡᠷᠭᠡ ᠬᠥᠰᠬᠡ ᠳᠤ GPS ᠣᠷᠣᠨ ᠪᠠᠶᠢᠷᠢ ᠲᠣᠭᠲᠠᠭᠠᠬᠤ ᠰᠢᠰᠲ᠋ᠧᠮ ᠪᠣᠯᠤᠨ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ  ᠰᠢᠰᠲ᠋ᠧᠮ᠂ ᠳᠠᠭᠠᠭᠠᠴᠠ ᠶᠢᠨ ᠰᠡᠷᠡᠮᠵᠢ ᠶᠢᠨ ᠳᠣᠬᠢᠶᠠᠨ ᠤ ᠰᠢᠰᠲ᠋ᠧᠮ ᠤᠭᠰᠠᠷᠠᠭᠤᠯᠤᠨ ᠬᠡᠷᠡᠭᠯᠡᠬᠦ ᠶᠢᠨ ᠬᠠᠮᠲᠤ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢᠶᠠᠷ ᠬᠢᠨᠠᠨ ᠡᠵᠡᠮᠳᠡᠬᠦ ᠶᠢ ᠬᠦᠯᠢᠶᠡᠬᠦ ᠬᠡᠷᠡᠭᠲᠡᠶ᠃       ᠭᠤᠷᠪᠠ᠂ ᠬᠤᠳᠠ ᠶᠢᠨ ᠲᠣᠭᠤᠷᠢᠭ ᠤᠨ ᠶᠠᠮᠠᠷᠪᠠ ᠨᠢᠭᠡᠴᠢ ᠪᠠ ᠬᠤᠪᠢ ᠬᠥᠮᠦᠨ ᠡᠷᠬᠡᠪᠰᠢ ᠤᠷᠢᠳᠠᠪᠠᠷ ᠪᠠᠷᠢᠯᠭ᠎ᠠ ᠶᠢᠨ ᠬᠤᠭ ᠨᠣᠪᠰᠢ ᠶᠢ ᠲᠦᠷᠦᠯ ᠬᠤᠪᠢᠶᠠᠬᠤ ᠬᠡᠷᠡᠭᠲᠡᠢ᠂ ᠪᠠᠷᠢᠯᠭ᠎ᠠ ᠶᠢᠨ ᠬᠤᠭ ᠨᠣᠪᠰᠢ ᠶᠢ ᠠᠮᠢᠳᠤᠷᠠᠯ ᠤᠨ ᠬᠤᠭ ᠨᠣᠪᠰᠢ ᠳᠤ ᠬᠤᠯᠢᠵᠤ ᠣᠷᠣᠭᠤᠯᠵᠤ ᠪᠣᠯᠬᠤ ᠦᠭᠡᠢ᠂ ᠠᠶᠤᠯᠲᠠᠢ ᠬᠠᠶᠠᠭᠳᠠᠮᠠᠯ ᠪᠣᠳᠠᠰ ᠢ ᠪᠠᠷᠢᠯᠭ᠎ᠠ ᠶᠢᠨ ᠬᠤᠭ ᠨᠣᠪᠰᠢ ᠳᠤ ᠬᠤᠯᠢᠵᠤ ᠣᠷᠣᠭᠤᠯᠵᠤ ᠪᠣᠯᠬᠤ ᠦᠭᠡᠢ᠂ ᠲᠠᠯᠠᠪᠤᠷ ᠭᠠᠷᠭᠠᠵᠤ ᠪᠠᠷᠢᠯᠭ᠎ᠠ ᠶᠢᠨ ᠬᠤᠭ ᠨᠣᠪᠰᠢ ᠶᠢ ᠬᠤᠷᠢᠶᠠᠨ ᠠᠪᠴᠤ ᠪᠣᠯᠬᠤ ᠦᠭᠡᠢ᠂ ᠪᠠᠷᠢᠯᠭ᠎ᠠ ᠶᠢᠨ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠬᠤ ᠪᠤᠶᠤ ᠣᠪᠣᠭᠠᠯᠠᠵᠤ ᠪᠣᠯᠬᠤ ᠦᠭᠡᠢ᠃ ᠬᠤᠲᠠ ᠶᠢᠨ ᠲᠣᠭᠤᠷᠢᠭ ᠤᠨ ᠡᠯ᠎ᠡ      ᠳᠡᠯᠭᠡᠭᠦᠷ ᠤᠨ ᠵᠠᠰᠠᠵᠤ ᠴᠢᠮᠡᠭᠯᠡᠭᠡᠳ ᠪᠤᠶ ᠪᠣᠯᠤᠭᠰᠠᠨ ᠪᠠᠷᠢᠯᠭ᠎ᠠ ᠶᠢᠨ ᠬᠤᠭ ᠨᠣᠪᠰᠢ ᠶᠢ ᠡᠳᠦᠷ ᠲᠤᠨᠢ ᠴᠡᠪᠡᠷᠯᠡᠵᠦ᠂ ᠵᠠᠮ ᠡᠵᠡᠯᠡᠨ ᠣᠪᠣᠭᠠᠯᠠᠵᠤ ᠪᠣᠯᠬᠤ ᠦᠭᠡᠶ᠃       ᠳᠥᠷᠪᠡ᠂ ᠶᠠᠮᠠᠷᠪᠠ ᠨᠢᠭᠡᠴᠡ ᠪᠠ ᠬᠤᠪᠢ ᠬᠥᠮᠦᠨ ᠭᠡᠳ ᠲᠣᠰ ᠵᠠᠷᠯᠠᠯ ᠤᠨ ᠲᠣᠭᠲᠠᠭᠠᠯ ᠠᠴᠠ ᠵᠥᠷᠢᠴᠡᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠡᠷᠬᠡ ᠲᠠᠢ᠂ ᠥᠷᠭᠡᠨ ᠣᠯᠠᠨ ᠲᠦᠮᠡᠨ ᠤ ᠢᠳᠡᠪᠬᠢᠲᠡᠶ ᠣᠷᠣᠯᠴᠠᠬᠤ ᠶᠢᠨ ᠬᠠᠮᠲᠤ ᠬᠢᠨᠠᠯᠲᠠ ᠲᠠᠯᠪᠢᠬᠤ ᠶᠢ ᠪᠠᠶᠠᠷᠯᠠᠨ ᠤᠭᠲᠤᠵᠤ᠂ ᠪᠠᠷᠢᠯᠭ᠎ᠠ ᠶᠢᠨ ᠬᠤᠭ ᠨᠣᠪᠰᠢ ᠶᠢᠨ ᠬᠦᠷᠢᠶᠡᠨ ᠳᠠᠬᠢ ᠬᠠᠤᠯᠢ ᠠᠴᠠ ᠵᠥᠷᠢᠴᠡᠨ ᠰᠢᠢᠳᠪᠦᠷᠢᠯᠡᠬᠦ ᠦᠢᠯᠡ ᠠᠵᠢᠯᠯᠠᠭ᠎ᠠ ᠶᠢ ᠬᠠᠮᠲᠤᠪᠠᠷ ᠬᠤᠷᠢᠭᠯᠠᠨ᠎ᠠ᠂ ᠪᠢᠳᠡ ᠢᠯᠡᠴᠢᠯᠡᠨ ᠮᠡᠳᠡᠭᠦᠯᠦᠭᠰᠡᠨ ᠬᠥᠮᠦᠨ ᠪᠠ ᠢᠯᠡᠴᠢᠯᠡᠨ ᠮᠡᠳᠡᠭᠦᠯᠦᠭᠰᠡᠨ ᠠᠭᠤᠯᠭ᠎ᠠ ᠶᠢᠨ ᠨᠢᠭᠤᠴᠠ ᠶᠢ ᠴᠢᠩᠭ᠎ᠠ ᠬᠠᠮᠠᠭᠠᠯᠠᠵᠤ᠂ ᠢᠯᠡᠴᠢᠯᠡᠨ ᠮᠡᠳᠡᠭᠦᠯᠦᠭᠰᠡᠨ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠨ᠎ᠠ᠃ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ᠂ ᠠᠰᠠᠭᠤᠨ ᠯᠠᠪᠯᠠᠬᠤ ᠤᠲᠠᠰᠤ᠄ 04778967714 ᠃ ᠲᠤᠰ ᠮᠡᠳᠡᠭᠳᠡᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠡᠵᠡᠨ ᠬᠤᠷᠤᠭ᠎ᠠ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ 2024 ᠣᠨ ᠤ 6 ᠳ᠋ᠤᠭᠠᠷ ᠰᠠᠷ᠎ᠠ ᠶᠢᠨ 24᠎ ᠤ ᠡᠳᠦᠷ  
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ