ᠠᠶᠢᠽ ᠡᠪᠡᠳᠴᠢᠨ ᠤ ᠲᠤᠬᠠᠢ 5 ᠮᠡᠳᠡᠯᠭᠡ
ᠨᠡᠶᠢᠲᠡᠯᠡᠭᠰᠡᠨ ᠴᠠᠭ᠄
2024/6/25
      ᠠᠶᠢᠽ ᠡᠪᠡᠳᠴᠢᠨ ᠪᠣᠯ ᠬᠤᠣᠷ ᠬᠥᠨᠥᠭᠡᠯ ᠶᠡᠭᠡ᠂ ᠦᠬᠦᠯᠲᠡ ᠶᠢᠨ ᠨᠣᠷᠮ᠎ᠠ ᠪᠠᠷ ᠥᠨᠳᠥᠷ᠂ ᠬᠠᠯᠳᠠᠪᠤᠷᠢᠯᠠᠬᠤ ᠴᠢᠨᠠᠷ ᠲᠠᠢ᠂ ᠣᠳᠣᠬᠠᠨ ᠪᠤᠯᠲᠠᠯ᠎ᠠ ᠦᠨᠳᠦᠰᠦᠨ ᠠᠴᠠ ᠨᠢ ᠵᠠᠰᠠᠵᠤ ᠳᠡᠶᠢᠯᠬᠦ ᠦᠭᠡᠢ ᠪᠦᠭᠡᠳ ᠪᠦᠲᠦᠮᠵᠢᠲᠡᠶ ᠰᠡᠷᠬᠡᠶᠢᠯᠡᠬᠦ ᠸᠠᠺᠼᠢᠨ ᠦᠭᠡᠢ ᠡᠪᠡᠳᠴᠢᠨ ᠪᠤᠯᠤᠨ᠎ᠠ ᠁      ᠠᠶᠢᠽ ᠡᠪᠡᠳᠴᠢᠨ ᠭᠡᠪᠡᠯ ᠮᠠᠰᠢ ᠣᠯᠠᠨ ᠬᠥᠮᠥᠨ ᠠᠶᠤᠵᠤ ᠡᠮᠢᠶᠡᠳᠡᠭ ᠪᠤᠯᠪᠠᠴᠤ ᠲᠡᠭᠦᠨ ᠤ ᠲᠤᠬᠠᠢ ᠵᠢᠩᠬᠢᠨᠢ ᠣᠶᠢᠯᠭᠠᠯᠲᠠ ᠪᠠᠷ ᠲᠤᠲᠠᠮᠠᠬ ᠪᠠᠶᠢᠳᠠᠬ᠃ ᠳᠤᠤᠷ᠎ᠠ ᠪᠢᠳᠠ ᠬᠠᠮᠲᠤ ᠪᠠᠷ ᠠᠶᠢᠽ ᠡᠪᠡᠳᠴᠢᠨ ᠤ ᠲᠤᠬᠠᠢ ᠳᠤᠤᠷᠠᠬᠢ ᠲᠠᠪᠤᠨ ᠮᠡᠳᠡᠯᠭᠡ ᠶᠢ ᠤᠶᠢᠯᠠᠭᠠᠵᠠᠭᠠᠶ᠎ᠠ᠃      ᠭᠠᠷ ᠠᠳᠬᠤᠬᠤ᠂ ᠬᠠᠮᠲᠤ ᠬᠤᠭᠤᠯᠠᠯᠠᠬᠤ ᠵᠡᠷᠬᠡ ᠳᠤᠬᠢᠶᠠᠯᠳᠤᠯ ᠳᠤ ᠠᠶᠢᠽ ᠡᠪᠡᠳᠴᠢᠨ ᠳᠤ ᠨᠡᠷᠪᠡᠭᠳᠡᠨ᠎ᠡ ᠦᠦ︖      ᠠᠶᠢᠽ ᠡᠪᠡᠳᠴᠢᠨ ᠤ ᠸᠢᠷᠦ᠋ᠰ ᠤᠨ ᠬᠠᠯᠳᠠᠪᠤᠷᠢᠯᠠᠬᠤ ᠠᠷᠭ᠎ᠠ ᠮᠠᠶ᠋ᠢᠭ ᠨᠢ ᠭᠤᠣᠯᠳᠠᠭᠤ ᠭᠤᠷᠪᠠᠨ ᠵᠦᠢᠯ ᠪᠠᠶᠢᠳᠠᠭ᠄ ᠴᠢᠰᠤ ᠪᠠᠷ ᠬᠠᠯᠳᠠᠪᠤᠷᠢᠯᠠᠬᠤ᠂ ᠬᠤᠷᠢᠴᠠᠯ ᠤᠨ ᠬᠠᠯᠳᠠᠪᠤᠷᠢᠯᠠᠯ ᠵᠢᠴᠢ ᠡᠬᠡ ᠨᠢᠯᠬᠠᠰ ᠢᠶᠠᠷ ᠬᠠᠯᠳᠠᠪᠤᠷᠢᠯᠠᠬᠤ ᠪᠤᠯᠤᠨ᠎ᠠ᠃ ᠬᠠᠷᠢᠨ ᠨᠢᠯᠪᠤᠰᠤ᠂ ᠰᠢᠯᠦᠰᠦ᠂ ᠬᠥᠯᠥᠰᠦ ᠵᠡᠷᠭᠡ ᠪᠡᠶ᠎ᠠ ᠶᠢᠨ ᠰᠢᠩᠭᠡᠨ ᠳᠤ ᠠᠶᠢᠽ ᠡᠪᠡᠳᠴᠢᠨ ᠤ ᠸᠢᠷᠦ᠋ᠰ ᠠᠭᠤᠯᠬᠤ ᠦᠭᠡᠢ ᠪᠤᠶᠤ ᠠᠭᠤᠯᠤᠭᠳᠠᠴᠠ ᠨᠢ ᠲᠦᠢᠯ ᠤᠨ ᠪᠠᠭ᠎ᠠ ᠪᠠᠶᠢᠳᠠᠭ᠃ ᠡᠶᠢᠮᠦ ᠠᠴᠠ ᠡᠳᠦᠷ ᠲᠤᠲᠤᠮ ᠤᠨ ᠠᠮᠢᠳᠤᠷᠠᠯ ᠳᠤᠮᠳᠡ ᠭᠠᠷ ᠠᠳᠬᠤᠬᠤ᠂ ᠤᠰᠤᠨ ᠳᠤ ᠤᠮᠪᠠᠭ᠋ᠤ᠂ ᠬᠠᠮᠳᠦ ᠬᠤᠭᠤᠯᠠᠯᠠᠬᠤ ᠳᠤᠬᠢᠶᠠᠯᠳᠤᠯ ᠳᠤ ᠠᠶᠢᠽ ᠡᠪᠡᠳᠴᠢᠨ ᠬᠠᠯᠳᠠᠪᠤᠷᠢᠯᠠᠬᠤ ᠦᠬᠡᠢ ᠶᠤᠮ᠃      ᠪᠠᠲᠠᠭᠠᠨ᠎ᠠ ᠵᠠᠭᠤᠬᠤ ᠨᠢ ᠠᠶᠢᠽ ᠡᠪᠡᠳᠴᠢᠨ ᠤ ᠸᠢᠷᠦ᠋ᠰ ᠢ ᠲᠠᠷᠬᠠᠭᠠᠨ᠎ᠠ ᠦᠦ︖      ᠬᠠᠷᠢᠭᠤᠯᠲᠠ ᠨᠢ ᠪᠤᠯ ᠲᠠᠷᠬᠠᠭᠠᠬᠤ ᠦᠭᠡᠢ᠃ ᠠᠶᠢᠽ ᠡᠪᠡᠳᠴᠢᠨ ᠤ ᠸᠢᠷᠦ᠋ᠰ ᠢ ᠦᠨᠡᠨ ᠬᠦ ᠬᠠᠯᠳᠠᠪᠤᠷᠢᠯᠠᠭᠤᠯᠳᠠᠭ ᠨᠢ ᠠᠶᠢᠽ ᠡᠪᠡᠳᠴᠢᠨ ᠤ ᠸᠢᠷᠦ᠋ᠰ ᠤᠨ ᠤᠳᠤᠮᠰᠢᠯ ᠤᠨ ᠭᠧᠨ ᠲᠠᠢ ᠴᠠᠭᠠᠨ ᠡᠰ ᠪᠣᠯᠣᠨ᠎ᠠ᠂ ᠭᠡᠪᠡᠴᠦ ᠪᠠᠲᠠᠭᠠᠨ᠎ᠠ ᠵᠠᠭᠤᠬᠤ ᠦᠶ᠎ᠡ ᠳᠤ ᠬᠠᠯᠳᠠᠪᠤᠷᠢᠯᠠᠭᠰᠠᠨ ᠴᠠᠭᠠᠨ ᠡᠰ ᠢ ᠰᠣᠷᠣᠵᠤ ᠣᠯᠬᠤ ᠳᠤ ᠮᠠᠰᠢ ᠬᠦᠴᠢᠷ ᠪᠠᠶᠢᠳᠠᠭ᠃ ᠡᠶᠢᠮᠦ ᠠᠴᠠ ᠠᠮᠢᠳᠤ ᠪᠣᠳᠠᠰ ᠤᠨ ᠤᠬᠠᠭᠠᠨ ᠠᠴᠠ ᠠᠪᠴᠤ ᠦᠵᠡᠪᠡᠯ ᠪᠠᠲᠠᠭᠠᠨ᠎ᠠ ᠰᠢᠮᠠᠭᠤᠯ ᠠᠶᠢᠽ ᠡᠪᠡᠳᠴᠢᠨ ᠳᠠᠷᠬᠠᠭᠠᠬᠤ ᠦᠭᠡᠢ᠃ ᠣᠳᠣᠬᠠᠨ ᠳᠤ ᠳᠡᠯᠡᠬᠡᠢ ᠶᠢᠨ ᠬᠡᠪᠴᠢᠶᠡᠨ ᠳᠤ ᠪᠠᠲᠠᠭᠠᠨ᠎ᠠ ᠳᠤ ᠵᠠᠭᠤᠬᠳᠠᠬᠰᠠᠨ ᠠᠴᠠ ᠪᠣᠯᠵᠤ ᠠᠶᠢᠽ ᠡᠪᠡᠳᠴᠢᠨ ᠤ ᠸᠢᠷᠦ᠋ᠰ ᠲᠤ ᠬᠠᠯᠳᠠᠪᠤᠷᠢᠯᠠᠭᠳᠠᠭᠰᠠᠨ ᠮᠡᠳᠡᠭᠡᠯᠡᠯ ᠬᠠᠷᠠᠬᠠᠨ ᠢᠯᠡᠷᠡᠭᠡ ᠦᠭᠡᠢ ᠪᠦᠭᠡᠳ ᠬᠤᠯᠪᠣᠭᠳᠠᠯ ᠪᠦᠬᠦᠢ ᠰᠤᠳᠤᠯᠭᠠᠨ ᠤ ᠭᠡᠷᠡᠴᠢ ᠪᠠᠷᠢᠮᠲᠠ ᠴᠤ ᠦᠭᠡᠢ ᠪᠠᠶᠢᠭᠰᠠᠭᠠᠷ᠃       ᠠᠶᠢᠽ ᠡᠪᠡᠳᠴᠢᠨ ᠤ ᠸᠢᠷᠦ᠋ᠰ ᠲᠤ ᠬᠠᠯᠳᠠᠪᠤᠷᠢᠯᠠᠬᠳᠠᠪᠠᠯ ᠶᠠᠮᠠᠷ ᠢᠯᠡᠷᠡᠯ ᠲᠠᠢ ᠪᠤᠢ︖       ᠠᠶᠢᠽ ᠡᠪᠡᠳᠴᠢᠲᠡᠨ ᠸᠢᠷᠦ᠋ᠰ ᠲᠤ ᠬᠠᠯᠳᠠᠪᠤᠷᠢᠯᠠᠭᠳᠠᠭᠰᠠᠨ ᠤ ᠳᠠᠷᠠᠭ᠎ᠠ ᠶᠡᠷᠦ ᠳᠡᠭᠡᠨ ᠲᠦᠷᠭᠡᠨ ᠴᠢᠨᠠᠷᠲᠠᠢ ᠬᠤᠭᠤᠴᠠᠭ᠎ᠠ᠂ ᠨᠢᠭᠤᠭᠳᠠᠮᠠᠯ ᠬᠤᠭᠤᠴᠠᠭ᠎ᠠ ᠪᠠ ᠡᠪᠡᠳᠴᠢᠨ ᠡᠭᠦᠰᠬᠦ ᠬᠤᠭᠤᠴᠠᠭ᠎ᠠ ᠶᠢ ᠥᠩᠭᠡᠷᠡᠭᠡᠳᠡᠭ᠃ ᠲᠦᠷᠭᠡᠨ ᠴᠢᠨᠠᠷᠲᠠᠢ ᠬᠤᠭᠤᠴᠠᠭᠠᠨ ᠳᠤ ᠬᠢᠮᠤᠷᠠᠭ᠎ᠠ ᠮᠡᠲᠦ ᠶᠢᠨ ᠡᠪᠡᠳᠴᠢᠨ ᠤ ᠢᠯᠡᠷᠡᠯ ᠭᠠᠷᠳᠠᠭ᠃ ᠬᠠᠷᠢᠨ ᠨᠢᠭᠤᠭᠳᠠᠮᠠᠯ ᠬᠤᠭᠤᠴᠠᠭᠠᠨ ᠳᠤ ᠠᠶᠢᠽ ᠡᠪᠡᠳᠴᠢᠨ ᠤ ᠸᠢᠷᠦ᠋ᠰ ᠤᠨ ᠬᠠᠯᠳᠠᠪᠤᠷᠢᠯᠠᠬᠳᠠᠬᠴᠢ ᠨᠢ ᠡᠷᠡᠭᠦᠯ ᠬᠥᠮᠥᠨ ᠲᠠᠢ ᠠᠳᠠᠯᠢ ᠪᠠᠶᠢᠵᠤ᠂ ᠵᠥᠪᠬᠡᠨ ᠪᠡᠶ᠎ᠡ ᠶᠢᠨ ᠰᠢᠩᠭᠡᠨ ᠳᠣᠲᠣᠷ᠎ᠠ ᠨᠢ ᠸᠢᠷᠦ᠋ᠰ ᠲᠠᠢ ᠪᠠᠶᠢᠳᠠᠬ᠃ ᠨᠢᠭᠤᠭᠳᠠᠮᠠᠯ ᠬᠤᠭᠤᠴᠠᠭ᠎ᠠ ᠨᠢ ᠶᠡᠷᠦ ᠳᠡᠭᠡᠨ 7 — 10 ᠵᠢᠯ ᠣᠷᠴᠢᠮ ᠦᠷᠬᠦᠯᠵᠢᠯᠡᠳᠡᠭ ᠪᠢᠯᠡ᠃ ᠡᠪᠡᠳᠴᠢᠨ ᠡᠭᠦᠰᠬᠦ ᠬᠤᠭᠤᠴᠠᠭ᠎ᠠ ᠪᠤᠯᠪᠠᠯ ᠠᠶᠢᠽ ᠡᠪᠡᠳᠴᠢᠨ ᠬᠠᠯᠳᠠᠪᠤᠷᠢᠯᠠᠬᠳᠠᠬᠴᠢ ᠨᠢ ᠰᠠᠶ᠋ᠢ ᠵᠢᠩᠬᠢᠨᠢ ᠠᠶᠢᠽ ᠡᠪᠡᠳᠴᠢᠨ ᠲᠠᠢ ᠡᠪᠡᠳᠴᠢᠲᠡᠨ ᠪᠣᠯᠵᠤ ᠬᠥᠭᠵᠢᠨ᠎ᠡ᠃       ᠬᠠᠯᠳᠠᠪᠤᠷᠢᠯᠠᠬᠤ ᠠᠶᠤᠯᠲᠠᠢ ᠦᠢᠯᠡ ᠠᠵᠢᠯᠯᠠᠭ᠎ᠠ ᠬᠢᠭᠰᠡᠨ ᠪᠠᠶᠢᠪᠠᠯ 72 ᠴᠠᠭ ᠤᠨ ᠳᠣᠲᠣᠷ᠎ᠠ ᠥᠪᠡᠷ ᠢ ᠪᠠᠨ ᠠᠪᠤᠷᠠᠬᠤ ᠬᠡᠷᠡᠭᠳᠡᠢ       ᠬᠡᠷᠪᠡ ᠠᠶᠤᠯᠲᠠᠢ ᠦᠢᠯᠡ ᠠᠵᠢᠯᠯᠠᠭ᠎ᠠ ᠬᠢᠭᠰᠡᠨ ᠪᠠᠶᠢᠪᠠᠯ ᠬᠠᠮᠤᠭ ᠤᠨ ᠰᠠᠶᠢᠨ ᠨᠢ 24 ᠴᠠᠭ ᠤᠨ ᠳᠣᠲᠣᠷ᠎ᠠ ᠠᠷᠭ᠎ᠠ ᠬᠡᠮᠵᠢᠶ᠎ᠡ ᠠᠪᠬᠤ ᠬᠡᠷᠡᠭᠲᠡᠢ᠃ ᠬᠡᠷᠪᠡ 3 ᠡᠳᠦᠷ ᠬᠡᠲᠦᠷᠡᠪᠡᠯ ᠳᠠᠷᠤᠢ ᠦᠢᠯᠡᠳᠦᠯ ᠦᠭᠡᠢ ᠪᠣᠯᠴᠢᠬᠠᠨ᠎ᠠ᠃ ᠡᠨᠡ ᠨᠢ ᠸᠢᠷᠦ᠋ᠰ ᠤᠨ ᠬᠥᠮᠥᠨ ᠤ ᠪᠡᠶ᠎ᠡ ᠳᠤ ᠬᠠᠯᠳᠠᠪᠤᠷᠢᠯᠠᠬᠤ ᠶᠠᠪᠤᠴᠠ ᠲᠠᠢ ᠬᠤᠯᠪᠣᠭ᠎ᠠ ᠲᠠᠢ ᠶᠤᠮ᠂ ᠸᠢᠷᠦ᠋ᠰ ᠬᠡᠳᠤᠶᠢᠪᠡᠷ ᠬᠥᠮᠥᠨ ᠤ ᠪᠡᠶ᠎ᠡ ᠳᠤ ᠣᠷᠣᠭᠰᠠᠨ ᠪᠣᠯᠪᠠᠴᠤ ᠲᠡᠷᠡ ᠨᠢ ᠡᠰ ᠲᠤ ᠬᠠᠯᠳᠠᠪᠤᠷᠢᠯᠠᠭ᠎ᠠ ᠦᠭᠡᠢ᠂ ᠤᠳᠤᠮᠰᠢᠯ ᠤᠨ ᠭᠧᠨ ᠢᠶᠠᠨ ᠬᠥᠮᠥᠨ ᠤ ᠪᠡᠶ᠎ᠡ ᠶᠢᠨ ᠴᠠᠭᠠᠨ ᠡᠰ ᠤᠨ ᠤᠳᠤᠮᠰᠢᠯ ᠤᠨ ᠭᠧᠨ ᠳᠤ ᠰᠢᠭᠢᠳᠬᠡᠵᠦ ᠠᠮᠵᠢᠬᠤ ᠦᠭᠡᠢ ᠪᠣᠯ ᠬᠠᠯᠳᠠᠪᠤᠷᠢᠯᠠᠯ ᠨᠢ ᠠᠮᠵᠢᠯᠲᠠ ᠣᠯᠵᠤ ᠴᠢᠳᠠᠬᠤ ᠦᠭᠡᠢ᠂ ᠳᠠᠷᠤᠢ ᠡᠪᠡᠳᠴᠢᠨ ᠡᠭᠦᠰᠬᠡᠬᠦ ᠦᠭᠡᠢ ᠶᠤᠮ᠃        ᠶᠠᠭᠠᠬᠢᠭᠠᠳ ᠣᠳᠣ ᠪᠣᠯᠲᠠᠯ᠎ᠠ ᠪᠦᠲᠦᠮᠵᠢᠲᠡᠶ ᠰᠡᠷᠬᠡᠶᠢᠯᠡᠬᠦ ᠸᠠᠺᠼᠢᠨ ᠢ ᠰᠤᠳᠤᠯᠤᠨ ᠦᠢᠯᠡᠳᠦᠭᠡ ᠦᠭᠡᠢ ᠪᠤᠢ︖        ᠠᠶᠢᠽ ᠡᠪᠡᠳᠴᠢᠨ ᠤ ᠸᠢᠷᠦ᠋ᠰ ᠮᠠᠰᠢ ︽ᠬᠤᠯᠵᠢᠨ︾ ᠪᠠᠶᠢᠵᠤ᠂ ᠲᠡᠷᠡ ᠨᠢ ᠨᠢᠭᠡ ᠳᠠᠬᠢᠨ ᠦᠢᠯᠡᠳᠬᠦ ᠦᠶᠡᠯᠡᠯ ᠢ ᠪᠡᠶᠡᠯᠡᠭᠦᠯᠬᠦ ᠪᠦᠷᠢ 3%᠎ ᠠᠴᠠ  5% ᠎ ᠶᠢᠨ ᠰᠢᠪᠲᠦᠷᠲᠦ ᠬᠦᠴᠢᠯ ᠤᠨ ᠪᠦᠲᠦᠴᠡ ᠳᠤ ᠨᠢ ᠬᠤᠪᠢᠷᠠᠯᠲᠠ ᠭᠠᠷᠴᠤ᠂ ᠶᠠᠭ ᠰᠢᠨ᠎ᠡ ᠸᠢᠷᠦ᠋ᠰ ᠢ ᠡᠭᠦᠳᠦᠭᠰᠡᠨ ᠲᠠᠢ ᠠᠳᠠᠯᠢ ᠪᠠᠶᠢᠳᠠᠬ᠃ ᠡᠳᠡᠭᠡᠷ ᠣᠨᠳᠣᠣᠰᠢᠭᠰᠠᠨ ᠸᠢᠷᠦ᠋ᠰ ᠨᠢ ᠳᠠᠬᠢᠨ ᠡᠰ ᠲᠤ ᠬᠠᠯᠳᠠᠪᠤᠷᠢᠯᠠᠬᠤ ᠦᠶᠡᠰ ᠪᠡᠶ᠎ᠡ ᠮᠠᠬᠠᠪᠤᠳ ᠰᠠᠶ᠋ᠢ ᠰᠢᠨ᠎ᠡ ᠠᠨᠲ᠋ᠢᠪᠤᠳᠢ ᠡᠭᠦᠰᠳᠡᠭ᠃ ᠥᠭᠡᠷ᠎ᠡ ᠪᠠᠷ ᠬᠡᠯᠡᠪᠡᠯ᠂ ᠮᠠᠨ ᠤ ᠪᠡᠶ᠎ᠡ ᠮᠠᠬᠠᠪᠤᠳ ᠤᠨ ᠡᠭᠡᠯᠢᠯᠡᠭᠡ ᠶᠢᠨ ᠴᠢᠳᠠᠪᠤᠷᠢ ᠨᠢ ᠬᠡᠵᠢᠶᠡᠲᠡ ᠸᠢᠷᠦ᠋ᠰ ᠤᠨ ᠣᠨᠳᠣᠣᠰᠢᠯ ᠠᠴᠠ ᠬᠤᠴᠣᠷᠴᠤ ᠪᠠᠶᠢᠳᠠᠭ᠂ ᠡᠨᠡ ᠨᠢ ᠳᠠᠷᠤᠢ ᠠᠶᠢᠽ ᠡᠪᠡᠳᠴᠢᠨ ᠤ ᠸᠠᠺᠼᠢᠨ ᠢ ᠰᠤᠳᠤᠯᠤᠨ ᠦᠢᠯᠡᠳᠬᠦ ᠳᠤ ᠣᠨᠴᠠᠭᠠᠢ ᠬᠦᠴᠢᠷᠲᠡᠢ ᠪᠠᠶᠢᠳᠠᠭ ᠤᠨ ᠰᠢᠯᠲᠠᠭᠠᠨ ᠪᠤᠯᠤᠨ᠎ᠠ᠃
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ