ᠪᠥᠬᠦ ᠬᠤᠰᠢᠭᠤᠨ ᠤ ᠡᠯ᠎ᠡ ᠪᠠᠷᠢᠯᠭ᠎ᠠ ︵ᠬᠤᠲᠠ ᠶᠢᠨ ᠶᠠᠪᠤᠳᠠᠯ︶ ᠶᠢᠨ ᠠᠵᠤ ᠠᠬᠤᠶᠢᠯᠠᠯ᠂ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ᠂ | ᠴᠡᠪᠡᠷᠯᠡᠨ ᠲᠡᠭᠡᠭᠡᠪᠦᠷᠢᠯᠡᠬᠦ ᠠᠵᠤ ᠠᠬᠤᠶᠢᠯᠠᠯ᠂ ᠵᠠᠰᠠᠯ ᠴᠢᠮᠡᠭᠯᠡᠯ ᠤᠨ ᠦᠢᠯᠡᠰ ᠤᠨ ᠡᠵᠡᠩᠨᠡᠭᠴᠢ᠄ | ᠡᠵᠡᠨ ᠬᠤᠷᠤᠭ᠎ᠠ ᠬᠤᠰᠢᠭᠤᠨ ᠤ ᠪᠠᠷᠢᠯᠭ᠎ᠠ ᠶᠢᠨ ᠬᠤᠭ ᠨᠣᠪᠰᠢ ︵ᠬᠤᠭ ᠰᠢᠷᠣᠶ︶ ᠶᠢ ᠰᠢᠢᠳᠪᠦᠷᠢᠯᠡᠬᠦ ᠶᠢ ᠤᠯᠠᠮ ᠨᠢᠭᠡ ᠠᠯᠬᠤᠮ ᠴᠢᠩᠭᠠᠳᠬᠠᠨ | ᠵᠢᠷᠤᠮᠵᠢᠭᠤᠯᠬᠤ ᠶᠢᠨ ᠲᠥᠯᠥᠭᠡ᠂ ᠴᠡᠪᠡᠷᠯᠡᠨ ᠲᠡᠭᠡᠭᠡᠪᠦᠷᠢᠯᠡᠬᠦ ᠬᠠᠮᠢᠶᠠᠷᠤᠯᠲᠠ᠂ ᠳᠤᠷ᠎ᠠ ᠪᠠᠷ ᠬᠠᠶᠠᠵᠤ ᠠᠰᠬᠠᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠴᠢᠩᠭ᠎ᠠ ᠴᠡᠭᠴᠡᠯᠡᠨ ᠵᠠᠰᠠᠨ᠎ᠠ᠂ ᠪᠠᠷᠢᠯᠭ᠎ᠠ ᠶᠢᠨ ᠬᠤᠭ ᠨᠣᠪᠰᠢ ᠰᠢᠢᠳᠪᠦᠷᠢᠯᠡᠬᠦ ᠬᠠᠮᠢᠶᠠᠷᠤᠯᠲᠠ ᠶᠢᠨ ᠡᠮᠬᠢ ᠳᠢᠭᠯᠢᠮ ᠢ ᠵᠢᠷᠤᠮᠵᠢᠭᠤᠯᠬᠤ | ᠬᠡᠷᠡᠭᠲᠡᠶ᠂ ᠰᠠᠶᠢᠨ ᠰᠠᠶᠢᠬᠠᠨ ᠠᠮᠢ ᠠᠬᠤᠶ ᠪᠠ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠢ ᠬᠠᠮᠠᠭᠠᠯᠠᠨ᠎ᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠠᠭᠤ ᠪᠡᠶᠡᠲᠦ | ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠢ ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ ᠬᠠᠤᠯᠢ︾᠂ ︽ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢᠨ | ᠬᠠᠮᠢᠶᠠᠷᠤᠯᠲᠠ ᠶᠢᠨ ᠲᠣᠭᠲᠠᠭᠠᠯ︾᠂ ︽ᠬᠤᠲᠠ ᠶᠢᠨ ᠦᠵᠡᠮᠵᠢ ᠪᠣᠯᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠠᠮᠢᠶᠠᠷᠤᠯᠲᠠ ᠶᠢᠨ ᠳᠦᠷᠢᠮ︾ ᠪᠣᠯᠤᠨ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠪᠠᠷᠢᠯᠭ᠎ᠠ ᠶᠢᠨ ᠬᠤᠭ ᠨᠣᠪᠰᠢ ᠶᠢ ᠲᠤᠰᠬᠠᠶ ᠵᠦᠢᠯ ᠢᠶᠠᠷ ᠵᠠᠰᠠᠬᠤ ᠲᠥᠰᠦᠯ︾ ᠵᠡᠷᠭᠡ | ᠬᠠᠤᠯᠢ ᠴᠠᠭᠠᠵᠠ ᠲᠦᠷᠢᠮ ᠲᠣᠭᠲᠠᠭᠠᠯ ᠵᠢᠴᠢ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠤᠤᠷᠠᠬᠢ ᠮᠡᠲᠦ | ᠵᠠᠷᠯᠠᠪᠠ᠄ | ᠨᠢᠭᠡ᠂ ᠲᠤᠰ ᠵᠠᠷᠯᠠᠯ ᠳᠤ ᠬᠡᠯᠡᠵᠦ ᠪᠠᠶᠢᠭ᠎ᠠ ᠪᠠᠷᠢᠯᠭ᠎ᠠ ᠶᠢᠨ ᠬᠤᠭ ᠨᠣᠪᠰᠢ ᠭᠡᠳᠡᠭ ᠪᠣᠯ ᠪᠦᠳᠦᠭᠡᠨ ᠪᠠᠶᠢᠭᠤᠯᠬᠤ ᠨᠢᠭᠡᠴᠢ᠂ ᠪᠠᠷᠢᠯᠭ᠎ᠠ ᠶᠢᠨ ᠨᠢᠭᠡᠴᠢ ᠡᠯ᠎ᠡ | ᠲᠦᠷᠦᠯ ᠤᠨ ᠪᠠᠷᠢᠯᠭ᠎ᠠ᠂ ᠪᠠᠷᠢᠯᠭ᠎ᠠ ᠶᠢᠨ ᠵᠦᠢᠯ᠂ ᠬᠤᠭᠤᠯᠠᠢ ᠶᠢᠨ ᠲᠣᠣᠷ ᠵᠡᠷᠭᠡ ᠶᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ | ᠪᠠᠶᠢᠭᠤᠯᠬᠤ ᠪᠠ ᠨᠤᠷᠠᠭᠠᠬᠤ ᠵᠢᠴᠢ ᠰᠠᠭᠤᠭᠠᠯᠢ ᠠᠷᠠᠳ ᠤᠨ ᠭᠡᠷ ᠪᠠᠶᠢᠰᠢᠩ ᠢ ᠵᠠᠰᠠᠵᠤ ᠴᠢᠮᠡᠭᠯᠡᠬᠦ ᠶᠠᠪᠤᠴᠠ ᠳᠤ ᠡᠭᠦᠰᠦᠭᠰᠡᠨ ᠬᠠᠶᠠᠭᠳᠠᠮᠠᠯ ᠰᠢᠷᠣᠢ᠂ ᠬᠠᠶᠠᠭᠳᠠᠮᠠᠯ | ᠮᠠᠲ᠋ᠧᠷᠢᠶᠠᠯ ᠵᠢᠴᠢ ᠪᠤᠰᠤᠳ ᠬᠠᠶᠠᠭᠳᠠᠮᠠᠯ ᠪᠣᠳᠠᠰ ᠢ ᠵᠢᠭᠠᠵᠤ ᠪᠠᠶᠢᠨ᠎ᠠ᠃ | ᠬᠤᠶᠠᠷ᠂ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ᠂ ᠴᠡᠪᠡᠷᠯᠡᠨ ᠲᠡᠭᠡᠭᠡᠪᠦᠷᠢᠯᠡᠬᠦ ᠠᠵᠢᠯ ᠢ ᠬᠢᠬᠦ ᠶᠠᠮᠠᠷᠪᠠ ᠨᠢᠭᠡᠴᠢ ᠪᠣᠯᠤᠨ ᠬᠤᠪᠢ ᠬᠥᠮᠦᠨ ᠡᠷᠬᠡᠪᠰᠢ | ᠳᠣᠣᠷᠠᠬᠢ ᠲᠣᠭᠲᠠᠭᠠᠯ ᠢ ᠵᠢᠷᠤᠮᠯᠠᠬᠤ ᠬᠡᠷᠡᠭᠲᠡᠢ ᠃ | ︵ᠨᠢᠭᠡ︶ 6ᠰᠢᠢᠳᠪᠦᠷᠢᠯᠡᠬᠦ ᠶᠢ ᠬᠢᠨᠠᠨ ᠵᠥᠪᠰᠢᠶᠡᠷᠡᠬᠦ ᠭᠠᠷᠳᠠᠮ ᠢ ᠬᠦᠢᠴᠡᠳᠭᠡᠬᠦ ᠬᠡᠷᠡᠭᠲᠡᠶ᠃ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠨᠢᠭᠡᠴᠡ | ᠪᠠ ᠬᠤᠪᠢ ᠬᠥᠮᠦᠨ ᠡᠵᠡᠨ ᠬᠤᠷᠤᠭ᠎ᠠ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠣᠪᠴᠢᠶ᠎ᠠ ᠳᠤ ᠭᠤᠶᠤᠴᠢᠯᠠᠯ ᠭᠠᠷᠭᠠᠵᠤ᠂ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠶᠢ ᠬᠢᠨᠠᠨ ᠵᠥᠪᠰᠢᠶᠡᠷᠡᠭᠰᠡᠨ ᠤ ᠳᠠᠷᠠᠭ᠎ᠠ ᠰᠠᠶ᠋ᠢ | ᠰᠢᠢᠳᠪᠦᠷᠢᠯᠡᠵᠦ ᠪᠣᠯᠤᠨ᠎ᠠ᠃ | ᠬᠢᠨᠠᠨ ᠵᠥᠪᠰᠢᠶᠡᠷᠡᠭᠦᠯᠬᠦ ᠭᠠᠷᠳᠠᠮ ᠬᠦᠢᠴᠡᠳᠭᠡᠬᠦ ᠬᠠᠶ᠋ᠢᠭ᠄ ᠣᠷᠳᠣᠰ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠭᠤᠷᠪᠠᠳᠤᠭᠠᠷ | ᠳᠠᠪᠬᠤᠷᠭ᠎ᠠ ᠶᠢᠨ B ᠲᠣᠭᠤᠷᠢᠭ ᠤᠨ B 301 - B 309᠂ B 313 ᠴᠤᠩᠬᠤᠪᠴᠢ ︵ ᠬᠠᠷᠢᠯᠴᠠᠬᠤ ᠤᠲᠠᠰᠤ᠄ 0477 - 8582179︶ | ︵ᠬᠤᠶᠠᠷ︶ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ᠂ ᠴᠡᠪᠡᠷᠯᠡᠨ ᠲᠡᠭᠡᠭᠡᠪᠦᠷᠢᠯᠡᠬᠦ ᠱᠠᠭᠠᠷᠳᠠᠯᠭ᠎ᠠ ᠄ | 1 . ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠨᠢᠭᠡᠴᠡ ᠪᠠ ᠬᠤᠪᠢ ᠬᠥᠮᠦᠨ ᠪᠠᠷᠢᠯᠭ᠎ᠠ ᠶᠢᠨ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠳᠡᠭᠡᠨ᠂ | ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠶᠢ ᠬᠢᠨᠠᠨ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠢ ᠲᠡᠷᠭᠡᠨ ᠳᠡᠭᠡᠨ ᠠᠪᠴᠤ ᠶᠠᠪᠤᠬᠤ ᠬᠡᠷᠡᠭᠲᠡᠶ ᠡᠵᠡᠨ ᠬᠤᠷᠤᠭ᠎ᠠ | ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠲᠣᠭᠲᠠᠭᠠᠭᠰᠠᠨ ᠴᠡᠪᠡᠷᠯᠡᠨ | ᠲᠡᠭᠡᠭᠡᠪᠦᠷᠢᠯᠡᠬᠦ ᠵᠠᠮ ᠱᠤᠭᠤᠮ᠂ ᠴᠠᠭ ᠢᠶᠠᠷ ᠶᠠᠪᠤᠭᠤᠯᠬᠤ ᠬᠡᠷᠡᠭᠲᠡᠶ᠂ ᠪᠠᠷᠢᠯᠭ᠎ᠠ ᠶᠢᠨ ᠬᠤᠭ ᠨᠣᠪᠰᠢ ᠶᠢ ᠬᠠᠶᠠᠵᠤ᠂ ᠭᠡᠭᠡᠵᠦ ᠪᠣᠯᠬᠤ ᠥᠬᠡᠶ᠂ ᠬᠢᠨᠠᠨ ᠵᠥᠪᠰᠢᠶᠡᠷᠡᠭᠰᠡᠨ | ᠬᠡᠪᠴᠢᠶ᠎ᠡ ᠠᠴᠠ ᠬᠡᠲᠦᠷᠡᠭᠦᠯᠦᠨ ᠪᠠᠷᠢᠯᠭ᠎ᠠ ᠶᠢᠨ ᠬᠤᠭ ᠨᠣᠪᠰᠢ ᠶᠢ ᠳᠠᠭᠠᠭᠠᠴᠢᠯᠠᠨ ᠲᠡᠭᠡᠭᠡᠪᠦᠷᠢᠯᠡᠵᠦ ᠪᠣᠯᠬᠤ ᠥᠬᠡᠶ᠃ | 2 . ᠶᠠᠮᠠᠷᠪᠠ ᠨᠢᠭᠡᠴᠢ ᠪᠠ ᠬᠤᠪᠢ ᠬᠥᠮᠦᠨ ᠪᠠᠷᠢᠯᠭ᠎ᠠ ᠶᠢᠨ ᠬᠤᠭ ᠨᠣᠪᠰᠢ ᠶᠢ ᠬᠢᠨᠠᠨ ᠵᠥᠪᠰᠢᠶᠡᠷᠡᠭᠦᠯᠦᠭᠰᠡᠨ ᠦᠭᠡᠢ ᠪᠠᠷ ᠪᠠᠷᠢᠯᠭ᠎ᠠ ᠶᠢᠨ ᠬᠤᠭ ᠨᠣᠪᠰᠢ ᠶᠢ | ᠴᠡᠪᠡᠷᠯᠡᠨ ᠲᠡᠭᠡᠭᠡᠪᠦᠷᠢᠯᠡᠬᠦ ᠠᠵᠢᠯ ᠬᠢᠵᠦ ᠪᠠᠶᠢᠭ᠎ᠠ ᠨᠢᠭᠡᠴᠢ ᠪᠤᠶᠤ ᠬᠤᠪᠢ ᠬᠥᠮᠦᠨ ᠳᠤ ᠲᠤᠰᠢᠶᠠᠨ ᠥᠭᠴᠦ ᠲᠡᠭᠡᠭᠡᠪᠦᠷᠢᠯᠡᠭᠦᠯᠵᠦ ᠪᠣᠯᠬᠤ ᠦᠭᠡᠢ᠃ | 3 . ᠲᠡᠭᠡᠭᠡᠪᠦᠷᠢ ᠶᠢᠨ ᠲᠡᠷᠭᠡ ᠬᠥᠰᠬᠡ ᠳᠤ GPS ᠣᠷᠣᠨ ᠪᠠᠶᠢᠷᠢ ᠲᠣᠭᠲᠠᠭᠠᠬᠤ ᠰᠢᠰᠲ᠋ᠧᠮ ᠪᠣᠯᠤᠨ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ | ᠰᠢᠰᠲ᠋ᠧᠮ᠂ ᠳᠠᠭᠠᠭᠠᠴᠠ ᠶᠢᠨ ᠰᠡᠷᠡᠮᠵᠢ ᠶᠢᠨ ᠳᠣᠬᠢᠶᠠᠨ ᠤ ᠰᠢᠰᠲ᠋ᠧᠮ ᠤᠭᠰᠠᠷᠠᠭᠤᠯᠤᠨ ᠬᠡᠷᠡᠭᠯᠡᠬᠦ ᠶᠢᠨ ᠬᠠᠮᠲᠤ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢᠶᠠᠷ ᠬᠢᠨᠠᠨ ᠡᠵᠡᠮᠳᠡᠬᠦ ᠶᠢ ᠬᠦᠯᠢᠶᠡᠬᠦ ᠬᠡᠷᠡᠭᠲᠡᠶ᠃ | ᠭᠤᠷᠪᠠ᠂ ᠬᠤᠳᠠ ᠶᠢᠨ ᠲᠣᠭᠤᠷᠢᠭ ᠤᠨ ᠶᠠᠮᠠᠷᠪᠠ ᠨᠢᠭᠡᠴᠢ ᠪᠠ ᠬᠤᠪᠢ ᠬᠥᠮᠦᠨ ᠡᠷᠬᠡᠪᠰᠢ ᠤᠷᠢᠳᠠᠪᠠᠷ ᠪᠠᠷᠢᠯᠭ᠎ᠠ ᠶᠢᠨ ᠬᠤᠭ ᠨᠣᠪᠰᠢ ᠶᠢ ᠲᠦᠷᠦᠯ | ᠬᠤᠪᠢᠶᠠᠬᠤ ᠬᠡᠷᠡᠭᠲᠡᠢ᠂ ᠪᠠᠷᠢᠯᠭ᠎ᠠ ᠶᠢᠨ ᠬᠤᠭ ᠨᠣᠪᠰᠢ ᠶᠢ ᠠᠮᠢᠳᠤᠷᠠᠯ ᠤᠨ ᠬᠤᠭ ᠨᠣᠪᠰᠢ ᠳᠤ ᠬᠤᠯᠢᠵᠤ ᠣᠷᠣᠭᠤᠯᠵᠤ ᠪᠣᠯᠬᠤ ᠦᠭᠡᠢ᠂ ᠠᠶᠤᠯᠲᠠᠢ ᠬᠠᠶᠠᠭᠳᠠᠮᠠᠯ | ᠪᠣᠳᠠᠰ ᠢ ᠪᠠᠷᠢᠯᠭ᠎ᠠ ᠶᠢᠨ ᠬᠤᠭ ᠨᠣᠪᠰᠢ ᠳᠤ ᠬᠤᠯᠢᠵᠤ ᠣᠷᠣᠭᠤᠯᠵᠤ ᠪᠣᠯᠬᠤ ᠦᠭᠡᠢ᠂ ᠲᠠᠯᠠᠪᠤᠷ ᠭᠠᠷᠭᠠᠵᠤ ᠪᠠᠷᠢᠯᠭ᠎ᠠ ᠶᠢᠨ ᠬᠤᠭ ᠨᠣᠪᠰᠢ ᠶᠢ ᠬᠤᠷᠢᠶᠠᠨ ᠠᠪᠴᠤ | ᠪᠣᠯᠬᠤ ᠦᠭᠡᠢ᠂ ᠪᠠᠷᠢᠯᠭ᠎ᠠ ᠶᠢᠨ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠬᠤ ᠪᠤᠶᠤ ᠣᠪᠣᠭᠠᠯᠠᠵᠤ ᠪᠣᠯᠬᠤ ᠦᠭᠡᠢ᠃ ᠬᠤᠲᠠ ᠶᠢᠨ ᠲᠣᠭᠤᠷᠢᠭ ᠤᠨ ᠡᠯ᠎ᠡ | ᠳᠡᠯᠭᠡᠭᠦᠷ ᠤᠨ ᠵᠠᠰᠠᠵᠤ ᠴᠢᠮᠡᠭᠯᠡᠭᠡᠳ ᠪᠤᠶ ᠪᠣᠯᠤᠭᠰᠠᠨ ᠪᠠᠷᠢᠯᠭ᠎ᠠ ᠶᠢᠨ ᠬᠤᠭ ᠨᠣᠪᠰᠢ ᠶᠢ ᠡᠳᠦᠷ ᠲᠤᠨᠢ ᠴᠡᠪᠡᠷᠯᠡᠵᠦ᠂ ᠵᠠᠮ ᠡᠵᠡᠯᠡᠨ ᠣᠪᠣᠭᠠᠯᠠᠵᠤ ᠪᠣᠯᠬᠤ ᠦᠭᠡᠶ᠃ | ᠳᠥᠷᠪᠡ᠂ ᠶᠠᠮᠠᠷᠪᠠ ᠨᠢᠭᠡᠴᠡ ᠪᠠ ᠬᠤᠪᠢ ᠬᠥᠮᠦᠨ ᠭᠡᠳ ᠲᠣᠰ ᠵᠠᠷᠯᠠᠯ ᠤᠨ ᠲᠣᠭᠲᠠᠭᠠᠯ ᠠᠴᠠ ᠵᠥᠷᠢᠴᠡᠭᠰᠡᠨ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠡᠷᠬᠡ ᠲᠠᠢ᠂ ᠥᠷᠭᠡᠨ ᠣᠯᠠᠨ ᠲᠦᠮᠡᠨ ᠤ ᠢᠳᠡᠪᠬᠢᠲᠡᠶ ᠣᠷᠣᠯᠴᠠᠬᠤ ᠶᠢᠨ ᠬᠠᠮᠲᠤ ᠬᠢᠨᠠᠯᠲᠠ ᠲᠠᠯᠪᠢᠬᠤ ᠶᠢ ᠪᠠᠶᠠᠷᠯᠠᠨ | ᠤᠭᠲᠤᠵᠤ᠂ ᠪᠠᠷᠢᠯᠭ᠎ᠠ ᠶᠢᠨ ᠬᠤᠭ ᠨᠣᠪᠰᠢ ᠶᠢᠨ ᠬᠦᠷᠢᠶᠡᠨ ᠳᠠᠬᠢ ᠬᠠᠤᠯᠢ ᠠᠴᠠ ᠵᠥᠷᠢᠴᠡᠨ ᠰᠢᠢᠳᠪᠦᠷᠢᠯᠡᠬᠦ ᠦᠢᠯᠡ ᠠᠵᠢᠯᠯᠠᠭ᠎ᠠ ᠶᠢ ᠬᠠᠮᠲᠤᠪᠠᠷ ᠬᠤᠷᠢᠭᠯᠠᠨ᠎ᠠ᠂ | ᠪᠢᠳᠡ ᠢᠯᠡᠴᠢᠯᠡᠨ ᠮᠡᠳᠡᠭᠦᠯᠦᠭᠰᠡᠨ ᠬᠥᠮᠦᠨ ᠪᠠ ᠢᠯᠡᠴᠢᠯᠡᠨ ᠮᠡᠳᠡᠭᠦᠯᠦᠭᠰᠡᠨ ᠠᠭᠤᠯᠭ᠎ᠠ ᠶᠢᠨ ᠨᠢᠭᠤᠴᠠ ᠶᠢ ᠴᠢᠩᠭ᠎ᠠ ᠬᠠᠮᠠᠭᠠᠯᠠᠵᠤ᠂ ᠢᠯᠡᠴᠢᠯᠡᠨ ᠮᠡᠳᠡᠭᠦᠯᠦᠭᠰᠡᠨ | ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠨ᠎ᠠ᠃ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ᠂ ᠠᠰᠠᠭᠤᠨ ᠯᠠᠪᠯᠠᠬᠤ ᠤᠲᠠᠰᠤ᠄ | 04778967714 ᠃ ᠲᠤᠰ ᠮᠡᠳᠡᠭᠳᠡᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠡᠵᠡᠨ ᠬᠤᠷᠤᠭ᠎ᠠ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ | 2024 ᠣᠨ ᠤ 6 ᠳ᠋ᠤᠭᠠᠷ ᠰᠠᠷ᠎ᠠ ᠶᠢᠨ 24 ᠤ ᠡᠳᠦᠷ | |