ᠭᠠᠷᠠᠭ ᠤᠨ ᠵᠢᠷᠭᠤᠭᠠᠨ ᠳᠤ ᠭᠡᠷ ᠪᠦᠯᠢ ᠶᠢᠨ ᠰᠤᠷᠭᠠᠨ ᠬᠥᠮᠦᠵᠢᠯ ᠤᠨ ᠨᠡᠷᠡᠲᠦ ᠪᠠᠭᠰᠢ ᠬᠢᠴᠢᠶᠡᠯ ᠤᠷᠤᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2024/6/26
      6 ᠰᠠᠷ᠎ᠠ ᠶᠢᠨ 29᠎ ᠤ ᠡᠳᠤᠷ ︵ᠭᠠᠷᠠᠭ ᠤᠨ ᠵᠢᠷᠭᠤᠭᠠᠨ︶᠎ ᠤᠨ 9᠄ 00 —11᠄ 30  ᠪᠤᠯᠳᠠᠯ᠎ᠠ᠂ ᠬᠡᠷ ᠪᠦᠯᠢ ᠶᠢᠨ ᠣᠷᠤᠭ ᠬᠤᠷᠢᠮ᠂ ᠡᠴᠢᠭᠡ ᠡᠬᠡ ᠦᠷ᠎ᠡ ᠬᠡᠤᠬᠡᠳ ᠤᠨ ᠰᠤᠷᠭᠠᠨ ᠬᠥᠮᠦᠵᠢᠯ᠂ ᠵᠠᠯᠠᠭᠤᠴᠤᠳ ᠪᠠᠭᠠᠴᠤᠳ ᠤᠨ ᠰᠤᠷᠭᠠᠨ ᠬᠥᠮᠦᠵᠢᠯ ᠤᠨ ᠨᠠᠷᠠᠲᠤ ᠲᠥᠷᠥᠯ ᠲᠡᠮᠳᠡᠭᠲᠦ ᠶᠢᠨ ᠬᠢᠴᠢᠶᠡᠯ ᠢ ᠪᠡᠶ᠎ᠡ ᠪᠠᠨ ᠳᠠᠭᠠᠭᠠᠨ ᠰᠤᠳᠤᠯᠤᠨ ᠨᠡᠭᠡᠭᠡᠭᠰᠡᠨ ᠪᠠᠭᠰᠢ ᠸᠠᠩ ᠺᠦᠨ᠂  ᠡᠵᠡᠨ ᠬᠤᠷᠤᠭ᠎ᠠ ᠬᠤᠰᠢᠭᠤᠨ ᠤ ᠺᠢᠨᠤ᠋ ᠵᠦᠴᠤᠭᠡ ᠶᠢᠨ ᠲᠢᠶᠠᠲᠷ ᠲᠤ ᠭᠡᠷ ᠪᠦᠯᠢ ᠶᠢᠨ ᠰᠤᠷᠭᠠᠨ ᠬᠦᠮᠤᠵᠢᠯ ᠤᠨ ᠬᠢᠴᠢᠶᠡᠯ ᠤᠷᠤᠬᠤ ᠪᠠᠷ ᠪᠠᠶᠢᠨ᠎ᠠ᠃      6 ᠸᠠᠩ ᠺᠦᠨ ᠪᠠᠭᠰᠢ ᠤᠯᠤᠰ ᠤᠨ ᠳᠣᠲᠣᠭᠠᠳᠤ ᠶᠢᠨ ᠮᠠᠰᠢ ᠶᠡᠭᠡ ᠨᠥᠯᠥᠭᠡᠯᠡᠬᠦ ᠬᠦᠴᠦᠨ ᠲᠠᠢ ᠰᠤᠷᠭᠠᠨ ᠬᠥᠮᠦᠵᠢᠯ ᠤᠨ ᠪᠣᠯᠪᠠᠰᠤᠷᠠᠯ ᠤᠨ ᠵᠢᠯᠤᠭᠤᠳᠤᠭᠴᠢ ᠪᠠᠭᠰᠢ ᠪᠠᠶᠢᠵᠤ᠂ ᠲᠡᠭᠦᠨ ᠤ ᠬᠢᠴᠢᠶᠡᠯ ᠨᠢ ᠶᠡᠷᠦ ᠨᠢ ᠠᠰᠠᠭᠤᠳᠠᠯ ᠤᠨ ᠭᠤᠣᠯᠳᠠᠯᠭ᠎ᠠ ᠶᠢ ᠰᠢᠭᠤᠳ ᠵᠢᠭᠠᠵᠤ᠂ ᠬᠥᠮᠦᠰ ᠤᠨ ᠰᠡᠳᠬᠢᠯ ᠳᠤ ᠰᠢᠭᠤᠳ ᠬᠦᠷᠤᠨ᠂ ᠰᠤᠨᠤᠰᠤᠭᠴᠢᠳ ᠤᠨ ᠬᠦᠷᠢᠶᠡᠯᠡᠯ ᠢ ᠶᠡᠬᠡᠳᠡ ᠣᠯᠵᠤ᠂ ᠲᠤᠭ᠎ᠠ ᠲᠣᠮᠰᠢ ᠦᠭᠡᠢ ᠬᠤᠪᠢ ᠬᠥᠮᠦᠨ ᠪᠠ ᠭᠡᠷ ᠪᠦᠯᠢ ᠶᠢ ᠨᠦᠯᠦᠭᠡᠯᠡᠭᠰᠡᠨ ᠪᠠᠶᠢᠨ᠎ᠠ᠃ ᠤᠳᠤᠬᠠᠨ ᠳᠤ ᠡᠵᠡᠨ ᠬᠤᠷᠤᠭ᠎ᠠ ᠬᠤᠰᠢᠭᠤᠨ ᠤ ᠤᠶᠢᠷ᠎ᠠ ᠬᠠᠪᠢ ᠶᠢᠨ ᠭᠡᠷ ᠤᠨ ᠠᠬᠠᠮᠠᠳ ᠲᠤ ᠤᠬᠠᠭᠠᠨ ᠲᠠᠢ ᠠᠪᠤ ᠡᠵᠢ ᠪᠤᠯᠵᠤ᠂ ᠬᠡᠦᠬᠡᠳ ᠢᠶᠠᠨ ᠡᠷᠡᠬᠦᠯ ᠴᠢᠬᠢᠷᠠᠭ ᠦᠰᠦᠨ ᠪᠤᠶᠢᠵᠢᠭᠤᠯᠬᠤ ᠳᠤ ᠰᠤᠷᠤᠯᠴᠠᠬᠤ ᠰᠠᠶᠢᠨ ᠲᠤᠬᠢᠶᠠᠯ ᠪᠡᠯᠡᠨ ᠪᠤᠯᠤᠭᠠᠳ ᠪᠠᠶᠢᠨ᠎ᠠ᠃ 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ‍