6 ᠰᠠᠷ᠎ᠠ ᠶᠢᠨ 25 ᠤ ᠡᠳᠦᠷ᠂ ᠡᠵᠡᠨ ᠬᠤᠷᠤᠭ᠎ᠠ ᠬᠤᠰᠢᠭᠤᠨ ᠤ ᠦᠨᠳᠤᠷ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠰᠢᠯᠭᠠᠯᠲᠠ ᠡᠬᠢᠯᠡᠵᠦ᠂ | ᠪᠥᠬᠦ ᠬᠤᠰᠢᠭᠤᠨ ᠤ 2339 ᠰᠢᠯᠭᠠᠭᠤᠯᠤᠭᠴᠢ ᠰᠢᠯᠭᠠᠯᠲᠠ ᠳᠤ ᠤᠷᠤᠯᠴᠠᠪᠠ᠃ | ᠦᠳᠡ ᠶᠢᠨ ᠡᠮᠦᠨᠡᠬᠢ 8᠄ 00 ᠴᠠᠭ ᠲᠤ᠂ ᠣᠷᠳᠣᠰ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠡᠵᠡᠨ ᠬᠤᠷᠤᠭ᠎ᠠ ᠬᠤᠰᠢᠭᠤᠨ ᠳᠠᠬᠢ | ᠰᠤᠷᠭᠠᠭᠤᠯᠢ ᠶᠢᠨ ᠲᠤᠭᠤᠷᠢᠭ ᠤᠨ ᠰᠢᠯᠭᠠᠯᠲᠠ ᠶᠢᠨ ᠴᠡᠭ ᠲᠤ᠂ ᠰᠢᠯᠭᠠᠭᠤᠯᠤᠭᠴᠢᠳ ᠬᠡᠷ ᠤᠨ ᠠᠬᠠᠮᠠᠳ᠂ ᠪᠠᠭᠰᠢ ᠶᠢᠨ ᠪᠠᠷᠠᠳᠠᠯᠭ᠎ᠠ ᠲᠤᠤᠷ᠎ᠠ ᠰᠢᠯᠭᠠᠯᠲᠠ ᠶᠢᠨ | ᠴᠡᠭ ᠤᠨ ᠡᠭᠦᠳᠡᠨ ᠳᠤ ᠬᠦᠷᠴᠦ ᠬᠦᠯᠢᠶᠡᠵᠦ ᠪᠠᠶᠢᠯ᠎ᠠ᠃ 8:30 ᠲᠤ᠂ ᠰᠢᠯᠭᠠᠭᠤᠯᠤᠭᠴᠢᠳ ᠢᠲᠡᠭᠡᠯ ᠲᠦᠬᠦᠷᠡᠩ ᠮᠥᠷᠯᠡᠨ᠂ ᠠᠮᠤᠷ ᠲᠦᠪᠰᠢᠨ ᠤ | ᠪᠠᠶᠢᠴᠠᠭᠠᠯᠲᠠ ᠪᠠᠨ ᠦᠩᠭᠡᠷᠡᠭᠡᠨ ᠰᠢᠯᠭᠠᠯᠲᠠ ᠶᠢᠨ ᠲᠠᠯᠠᠪᠠᠶ ᠳᠤ ᠤᠷᠤᠵᠠᠭᠠᠪᠠ᠃ | ᠰᠢᠯᠭᠠᠯᠲᠠ ᠶᠢᠨ ᠲᠠᠯᠠᠪᠤᠷ ᠤᠨ ᠭᠠᠳᠠᠨ᠎ᠠ᠂ ᠭᠡᠷ ᠤᠨ ᠠᠬᠠᠮᠠᠳ᠂ ᠪᠠᠭᠰᠢ ᠨᠠᠷ ᠭᠠᠷ ᠲᠠᠭᠠᠨ ᠰᠣᠷᠭᠤᠭ ᠴᠡᠴᠡᠭ ᠪᠠᠷᠢᠵᠤ᠂ ᠮᠠᠨᠵᠤ ᠲᠡᠷᠯᠢᠭ ᠡᠮᠤᠰᠤᠨ᠂ | ᠬᠡᠦᠬᠡᠳ ᠤᠳ ᠤᠨ ᠰᠠᠶᠢᠨ ᠬᠢᠷᠢ ᠪᠦᠲᠦᠮᠵᠢ ᠤᠯᠬᠤ ᠶᠢ ᠬᠦᠰᠡᠨ ᠬᠦᠯᠢᠶᠡᠵᠦ ᠪᠠᠶᠢᠯ᠎ᠠ᠃ | ᠰᠢᠯᠭᠠᠯᠲᠠ ᠶᠢᠨ ᠠᠮᠤᠷ ᠲᠦᠪᠰᠢᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠳᠣᠲᠣᠭᠠᠳᠤ ᠶᠢ ᠬᠠᠮᠠᠭᠠᠯᠠᠬᠤ᠂ ᠵᠠᠮ | ᠬᠠᠷᠢᠯᠴᠠᠭᠠᠨ ᠤ ᠴᠠᠭᠳᠠᠭ᠎ᠠ ᠵᠡᠷᠭᠡ ᠣᠯᠠᠨ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠵᠦ᠂ ᠠᠵᠢᠯ ᠤᠨ ᠪᠠᠶᠢᠷᠢ ᠪᠠᠨ ᠪᠠᠲᠤ ᠰᠠᠬᠢᠵᠤ᠂ ᠰᠤᠷᠭᠠᠭᠤᠯᠢ ᠶᠢᠨ ᠡᠷᠬᠢᠨ | ᠲᠣᠭᠤᠷᠢᠨ ᠤ ᠵᠠᠮ ᠬᠠᠷᠢᠯᠴᠠᠭ᠎ᠠ᠂ ᠲᠠᠭᠤ ᠱᠤᠤᠭᠢᠶᠠᠨ ᠵᠡᠷᠭᠡ ᠶᠢ ᠬᠠᠮᠢᠶᠠᠷᠤᠨ ᠡᠵᠡᠮᠳᠡᠬᠦ ᠶᠢ ᠪᠥᠬᠦ ᠬᠦᠴᠦᠨ ᠢᠶᠠᠷ ᠢᠶᠠᠨ ᠴᠢᠩᠭᠠᠳᠬᠠᠵᠤ᠂ ᠰᠢᠯᠭᠠᠯᠲᠠ ᠶᠢᠨ ᠤᠷᠴᠢᠨ | ᠲᠤᠭᠤᠷᠢᠨ ᠢ ᠪᠥᠬᠦ ᠬᠦᠴᠦᠨ ᠢᠶᠠᠷ ᠢᠶᠠᠨ ᠬᠠᠮᠠᠭᠠᠯᠠᠵᠣ ᠪᠠᠶᠢᠨ᠎ᠠ᠃ | ᠣᠶᠢᠯᠠᠭᠠᠭᠰᠠᠨ ᠢᠶᠠᠷ᠂ ᠡᠨᠡ ᠵᠢᠯ ᠡᠵᠡᠨ ᠬᠤᠷᠤᠭ᠎ᠠ ᠬᠤᠰᠢᠭᠤᠨ ᠳᠤ ᠣᠷᠳᠣᠰ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠡᠵᠡᠨ ᠬᠤᠷᠤᠭ᠎ᠠ | ᠳᠠᠬᠢ ᠰᠤᠷᠭᠠᠭᠤᠯᠢ ᠶᠢᠨ ᠲᠤᠭᠤᠷᠢᠭ ᠤᠨ ᠰᠢᠯᠭᠠᠯᠲᠠ ᠶᠢᠨ ᠴᠡᠭ ᠪᠠ ᠡᠵᠡᠨ ᠬᠤᠷᠤᠭ᠎ᠠ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ 2 ᠰᠢᠯᠭᠠᠯᠲᠠ ᠶᠢᠨ | ᠴᠡᠭ ᠲᠤ 79 ᠰᠢᠯᠭᠠᠯᠲᠠ ᠶᠢᠨ ᠲᠠᠯᠠᠪᠠᠶ ᠶᠢ ᠲᠤᠬᠢᠷᠠᠭᠤᠯᠵᠠᠢ᠃ | |