ᠺᠣᠷᠢᠶᠠ ᠠᠴᠠ ᠣᠷᠳᠣᠰ ᠬᠥᠷᠬᠦ ᠣᠯᠠᠨ ᠤᠯᠤᠰ ᠤᠨ ᠠᠶᠠᠯᠠᠯ ᠤᠨ ᠱᠤᠭᠤᠮ ᠨᠡᠪᠲᠡᠷᠡᠪᠡ
ᠨᠡᠶᠢᠲᠡᠯᠡᠭᠰᠡᠨ ᠴᠠᠭ᠄
2024/6/27
      6 ᠰᠠᠷ᠎ᠠ ᠶᠢᠨ 19᠎ ᠤ ᠡᠳᠦᠷ᠂ ᠺᠣᠷᠢᠶᠠ ᠶᠢᠨ ᠵᠤᠭᠠᠴᠠᠭᠰᠠᠳ ᠢ ᠲᠡᠭᠡᠭᠡᠭᠰᠡᠨ ᠣᠷᠳᠣᠰ ᠨᠡᠷᠡᠮᠵᠢᠲᠦ ᠨᠢᠰᠬᠡᠯ ᠣᠷᠳᠣᠰ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠲᠣᠭᠲᠠᠭᠤᠨ ᠢᠶᠠᠷ ᠪᠠᠭᠤᠪᠠ᠃ ᠡᠨᠡ ᠨᠢ ᠺᠣᠷᠢᠶᠠ ᠶᠢᠨ ᠴᠢᠩᠵᠸᠦ ᠠᠴᠠ ᠣᠷᠳᠣᠰ ᠬᠦᠷᠬᠦ ᠣᠯᠠᠨ ᠤᠯᠤᠰ ᠤᠨ ᠠᠶᠠᠯᠠᠯ ᠤᠨ ᠱᠤᠭᠤᠮ ᠵᠢᠩᠬᠢᠨᠢ ᠪᠠᠷ ᠨᠡᠪᠲᠡᠷᠡᠭᠰᠡᠨ ᠢ ᠬᠠᠷᠠᠭᠤᠯᠵᠤ ᠪᠠᠶᠢᠨ᠎ᠠ᠃ ᠣᠢᠢᠯᠠᠭᠠᠭᠰᠠᠨ ᠢᠶᠠᠷ᠂ ᠲᠣᠰ ᠠᠭᠠᠷ ᠠᠶᠠᠯᠠᠯ ᠤᠨ ᠱᠤᠭᠤᠮ ᠨᠢ ᠣᠳᠣᠬᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠠᠬᠢ ᠴᠣᠷ ᠤᠨ ᠭᠠᠭᠴᠠ ᠣᠯᠠᠨ ᠤᠯᠤᠰ ᠤᠨ ᠠᠭᠠᠷ ᠠᠶᠠᠯᠠᠯ ᠤᠨ ᠱᠤᠭᠤᠮ ᠪᠣᠯᠤᠨ᠎ᠠ᠂ ᠳᠤᠮᠳᠠᠳᠤ ᠤᠯᠤᠰ ᠤᠨ ᠬᠤᠯᠪᠣᠭᠠᠯᠠᠬᠰᠠᠨ ᠠᠭᠠᠷ ᠠᠶᠠᠯᠠᠯ ᠤᠨ ᠺᠣᠮᠫᠠᠨᠢ ᠶᠢᠨ  ᠪᠦᠸᠧ ᠶᠢᠨ 738800 ᠨᠢᠰᠬᠡᠯ ᠤᠨ ᠬᠡᠯᠪᠡᠷᠢ ᠨᠢ ᠺᠣᠷᠢᠶᠠ ᠠᠴᠠ ᠣᠷᠳᠣᠰ ᠬᠥᠷᠬᠦ ᠳᠤ ᠵᠥᠪᠬᠡᠨ 3 ᠴᠠᠭ ᠬᠡᠷᠡᠭᠰᠡᠨ᠎ᠡ᠃ ᠡᠬᠦᠨ ᠠᠴᠠ ᠭᠠᠳᠠᠨ᠎ᠠ᠂ 6 ᠰᠠᠷ᠎ᠠ ᠶᠢᠨ ᠳᠤᠮᠳᠠᠴᠢ ᠠᠴᠠ 9 ᠰᠠᠷ᠎ᠠ ᠶᠢᠨ ᠳᠤᠮᠳᠠᠴᠢ ᠪᠣᠯᠲᠠᠯ᠎ᠠ ᠣᠷᠳᠣᠰ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠪᠠᠰᠠ ᠺᠣᠷᠢᠶᠠ ᠶᠢᠨ ᠰᠸᠦ᠋ᠯ᠂ ᠡᠦ ᠠᠨ᠂ ᠵᠢᠵᠸᠦ ᠵᠡᠷᠭᠡ ᠰᠢᠭᠤᠳ ᠨᠢᠰᠬᠦ ᠠᠭᠠᠷ ᠠᠶᠠᠯᠠᠯ ᠤᠨ ᠱᠤᠭᠤᠮ ᠢ ᠵᠠᠯᠭᠠᠭ᠎ᠠ ᠪᠠᠷ ᠨᠡᠪᠲᠡᠷᠡᠭᠦᠯᠤᠨ᠎ᠠ᠃ 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ