ᠰᠢ ᠶᠢᠨ ᠫᠢᠩ ᠤᠯᠤᠰ ᠤᠨ ᠬᠠᠮᠤᠭ ᠤᠨ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠬᠦᠷᠲᠡᠭᠰᠡᠳ ᠲᠤ ᠱᠠᠩᠨᠠᠯ ᠭᠠᠷᠳᠠᠭᠤᠯᠤᠭᠰᠠᠨ | ᠪᠥᠭᠡᠳ ᠴᠢᠬᠤᠯᠠ ᠶᠠᠷᠢᠶ᠎ᠠ ᠲᠠᠯᠪᠢᠵᠤ ᠴᠢᠬᠤᠯᠠᠴᠢᠯᠠᠭᠰᠠᠨ ᠨᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠬᠥᠭᠵᠢᠪᠡᠯ ᠦᠨᠳᠦᠰᠦᠲᠡᠨ ᠮᠠᠨᠳᠤᠵᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠬᠦᠴᠦᠷᠬᠡᠭᠵᠢᠪᠡᠯ ᠤᠯᠤᠰ ᠭᠦᠷᠤᠨ ᠬᠦᠴᠦᠷᠬᠡᠭᠵᠢᠨ᠎ᠡ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠣᠳᠣᠬᠢᠴᠢᠯᠠᠯᠲᠠ ᠪᠠᠷ ᠲᠤᠯᠭᠠᠭᠤᠷᠢᠯᠠᠯ ᠪᠤᠯᠭᠠᠵᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠴᠦ ᠰᠢᠨ᠎ᠡ ᠬᠥᠳᠡᠯᠭᠡᠬᠦ ᠡᠨᠧᠷᠭᠢ ᠶᠢ ᠪᠣᠶᠢᠵᠢᠭᠤᠯᠬᠤ ᠳᠤ ᠲᠦᠰᠢᠭᠯᠡᠬᠦ ᠬᠡᠷᠡᠭᠲᠡᠢ᠃ ᠡᠷᠬᠡᠪᠰᠢ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ ᠶᠢᠨ ᠪᠠᠶᠢᠷᠢ ᠰᠠᠭᠤᠷᠢ ᠪᠣᠯᠣᠨ ᠦᠨᠳᠦᠰᠦᠨ ᠲᠤᠯᠭᠠᠭᠤᠷᠢᠯᠠᠬᠤ ᠦᠢᠯᠡᠳᠦᠯ ᠢ ᠭᠦᠢᠴᠡᠳ | ᠲᠠᠨᠢᠵᠤ᠂ 2035 ᠣᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠪᠠᠲᠤ | ᠡᠵᠡᠮᠳᠡᠵᠦ᠂ ᠦᠵᠦ ᠲᠥᠯᠥᠪᠯᠡᠭᠡ ᠪᠣᠯᠣᠨ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠬᠦ ᠪᠠᠨ ᠴᠢᠩᠭᠠᠳᠬᠠᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠳᠬᠡᠨ ᠪᠡᠶᠡᠯᠡᠭᠦᠯᠬᠦ ᠬᠡᠷᠡᠭᠲᠡᠢ ᠃ | | ᠯᠢ ᠴᠢᠶᠠᠩ ᠬᠤᠷᠠᠯ ᠢ ᠡᠷᠭᠢᠯᠡᠵᠦ ᠳ᠋ᠢᠩ ᠰᠢᠤᠸᠠᠢ ᠰᠢᠶᠠᠩ ᠬᠥᠬᠢᠭᠦᠯᠦᠨ ᠱᠠᠩᠨᠠᠬᠤ ᠲᠣᠭᠲᠠᠭᠠᠯ ᠢ ᠤᠩᠰᠢᠨ ᠨᠡᠶᠢᠲᠡᠯᠡᠪᠡ ᠵᠤᠤ ᠯᠧ ᠵᠢᠢ ᠸᠠᠩ ᠬᠤ᠋ ᠨᠢᠩ | ᠼᠠᠢ ᠴᠢ ᠯᠢ ᠰᠢ ᠣᠷᠣᠯᠴᠠᠪᠠ | | ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 24 ᠤ ᠴᠠᠭᠢᠯᠭᠠᠨ ᠮᠡᠳᠡᠭᠡ ᠪᠦᠭᠦ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠶᠡᠭᠡ ᠬᠤᠷᠠᠯ᠂ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠬᠢᠭᠦᠯᠦᠨ ᠱᠠᠩᠨᠠᠬᠤ ᠶᠡᠭᠡ ᠬᠤᠷᠠᠯ ᠪᠠ ᠳᠤᠮᠳᠠᠳᠤ ᠤᠯᠤᠰ ᠤᠨ ᠰᠢᠨᠵᠢᠯᠡᠬᠦ | ᠤᠬᠠᠭᠠᠨ ᠤ ᠬᠦᠷᠢᠶᠡᠯᠡᠩ ᠤᠨ ᠬᠤᠷᠢᠨ ᠨᠢᠭᠡᠳᠦᠭᠡᠷ ᠤᠳᠠᠭ᠎ᠠ ᠶᠢᠨ ᠠᠺᠠᠳᠧᠮᠢᠴᠢ ᠶᠢᠨ ᠶᠡᠭᠡ ᠬᠤᠷᠠᠯ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ | ᠠᠷᠪᠠᠨ ᠳᠣᠯᠣᠳᠤᠭᠠᠷ ᠤᠳᠠᠭ᠎ᠠ ᠶᠢᠨ ᠠᠺᠠᠳᠧᠮᠢᠴᠢ ᠶᠢᠨ ᠶᠡᠭᠡ ᠬᠤᠷᠠᠯ 24 ᠤ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ | ᠶᠡᠭᠡ ᠪᠠᠷ ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠶᠡᠭᠡ ᠬᠤᠷᠠᠯ ᠳᠤ ᠣᠷᠣᠯᠴᠠᠵᠤ᠂ ᠤᠯᠤᠰ ᠤᠨ ᠬᠠᠮᠤᠭ ᠤᠨ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ | ᠬᠦᠷᠲᠡᠭᠰᠡᠳ ᠲᠤ ᠱᠠᠩᠨᠠᠯ ᠭᠠᠷᠳᠠᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠲᠡᠷᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠬᠥᠭᠵᠢᠪᠡᠯ ᠦᠨᠳᠦᠰᠦᠲᠡᠨ | ᠮᠠᠨᠳᠤᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠬᠦᠴᠦᠷᠬᠡᠭᠵᠢᠪᠡᠯ ᠤᠯᠤᠰ ᠭᠦᠷᠤᠨ ᠬᠦᠴᠦᠷᠬᠡᠭᠵᠢᠨ᠎ᠡ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ | ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠳᠣᠬᠢᠴᠢᠯᠠᠯᠲᠠ ᠪᠠᠷ ᠲᠤᠯᠭᠠᠭᠤᠷᠢᠯᠠᠯ ᠪᠤᠯᠭᠠᠵᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠴᠦ ᠰᠢᠨ᠎ᠡ ᠬᠥᠳᠡᠯᠭᠡᠬᠦ ᠡᠨᠧᠷᠭᠢ ᠶᠢ ᠪᠣᠶᠢᠵᠢᠭᠤᠯᠬᠤ ᠳᠤ ᠲᠦᠰᠢᠭᠯᠡᠬᠦ ᠬᠡᠷᠡᠭᠲᠡᠢ᠃ ᠡᠷᠬᠡᠪᠰᠢ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ ᠶᠢᠨ ᠪᠠᠶᠢᠷᠢ ᠰᠠᠭᠤᠷᠢ ᠪᠣᠯᠣᠨ ᠦᠨᠳᠦᠰᠦᠨ ᠲᠤᠯᠭᠠᠭᠤᠷᠢᠯᠠᠬᠤ ᠦᠢᠯᠡᠳᠦᠯ ᠢ | ᠭᠦᠢᠴᠡᠳ ᠲᠠᠨᠢᠵᠤ᠂ 2035 ᠣᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ | ᠬᠠᠷᠠᠯᠲᠠ ᠶᠢ ᠪᠠᠲᠤ ᠡᠵᠡᠮᠳᠡᠵᠦ᠂ ᠦᠵᠦ ᠲᠥᠯᠥᠪᠯᠡᠭᠡ ᠪᠣᠯᠣᠨ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠬᠦ ᠶᠢ ᠴᠢᠩᠭᠠᠳᠬᠠᠵᠤ᠂ ᠥᠨᠳᠥᠷ ᠲᠦᠪᠰᠢᠨ ᠪᠦᠬᠦᠢ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠳᠬᠡᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | | | | 6 ᠰᠠᠷ᠎ᠠ ᠶᠢᠨ 24 ᠤ ᠡᠳᠦᠷ᠂ ᠪᠦᠭᠦ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠬᠤᠷᠠᠯ᠂ ᠤᠯᠤᠰ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠥᠬᠢᠭᠦᠯᠦᠨ ᠱᠠᠩᠨᠠᠬᠤ ᠶᠡᠭᠡ ᠬᠤᠷᠠᠯ ᠪᠠ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠤᠷᠢᠨ ᠨᠢᠭᠡᠳᠦᠭᠡᠷ | ᠤᠳᠠᠭ᠎ᠠ ᠶᠢᠨ ᠠᠺᠠᠳᠧᠮᠢᠴᠢ ᠶᠢᠨ ᠶᠡᠭᠡ ᠬᠤᠷᠠᠯ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠷᠪᠠᠨ ᠳᠣᠯᠣᠳᠤᠭᠠᠷ ᠤᠳᠠᠭ᠎ᠠ ᠶᠢᠨ | ᠠᠺᠠᠳᠧᠮᠢᠴᠢ ᠶᠢᠨ ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠶᠡᠭᠡ ᠬᠤᠷᠠᠯ ᠳᠤ | ᠤᠷᠤᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠵᠠᠢ᠃ | | | | 6 ᠰᠠᠷ᠎ᠠ ᠶᠢᠨ 24 ᠤ ᠡᠳᠦᠷ᠂ ᠪᠦᠭᠦ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠬᠤᠷᠠᠯ᠂ ᠤᠯᠤᠰ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠥᠬᠢᠭᠦᠯᠦᠨ ᠱᠠᠩᠨᠠᠬᠤ ᠶᠡᠭᠡ ᠬᠤᠷᠠᠯ ᠪᠠ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠤᠷᠢᠨ ᠨᠢᠭᠡᠳᠦᠭᠡᠷ | ᠤᠳᠠᠭ᠎ᠠ ᠶᠢᠨ ᠠᠺᠠᠳᠧᠮᠢᠴᠢ ᠶᠢᠨ ᠶᠡᠭᠡ ᠬᠤᠷᠠᠯ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠷᠪᠠᠨ ᠳᠣᠯᠣᠳᠤᠭᠠᠷ ᠤᠳᠠᠭ᠎ᠠ ᠶᠢᠨ | ᠠᠺᠠᠳᠧᠮᠢᠴᠢ ᠶᠢᠨ ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 2023 ᠣᠨ ᠤ ᠤᠯᠤᠰ ᠤᠨ | ᠬᠠᠮᠤᠭ ᠤᠨ ᠳᠡᠭᠡᠳᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠱᠠᠩᠨᠠᠯ ᠢ ᠭᠥᠷᠳᠡᠭᠰᠡᠨ ᠦᠬᠠᠨ ᠶᠡᠭᠡ ᠰᠤᠷᠭᠠᠭᠤᠯᠢ ᠶᠢᠨ ᠯᠢ ᠳ᠋ᠧ ᠷᠧᠨ ᠠᠺᠠᠳᠧᠮᠢᠴᠢ | ︵ᠪᠠᠷᠠᠭᠤᠨᠳᠡᠬᠢ︶ ᠪᠣᠯᠣᠨ ᠴᠢᠩᠬᠤᠸᠠ ᠶᠡᠭᠡ ᠰᠤᠷᠭᠠᠭᠤᠯᠢ ᠶᠢᠨ ᠰᠢᠤᠸᠠᠢ ᠴᠢ ᠺᠦᠨ ᠠᠺᠠᠳᠧᠮᠢᠴᠢ ︵ᠵᠡᠭᠦᠨᠳᠡᠬᠢ︶ ᠳᠤ ᠱᠠᠩᠨᠠᠯ ᠭᠠᠷᠳᠠᠭᠤᠯᠵᠤ ᠪᠠᠶᠢᠭ᠎ᠠ ᠨᠢ᠃ | ᠯᠢ ᠴᠢᠶᠠᠩ ᠶᠡᠭᠡ ᠬᠤᠷᠠᠯ ᠢ ᠡᠷᠭᠢᠯᠡᠵᠦ᠂ ᠳ᠋ᠢᠩ ᠰᠢᠤᠸᠠᠢ ᠰᠢᠶᠠᠩ ᠬᠥᠬᠢᠭᠦᠯᠦᠨ ᠱᠠᠩᠨᠠᠬᠤ ᠲᠣᠭᠲᠠᠭᠠᠯ ᠢ ᠤᠩᠰᠢᠨ ᠨᠡᠶᠢᠲᠡᠯᠡᠵᠦ᠂ ᠵᠤᠤ ᠯᠧ ᠵᠢᠢ᠂ ᠸᠠᠩ ᠬᠤ᠋ | ᠨᠢᠩ᠂ ᠼᠠᠢ ᠴᠢ᠂ ᠯᠢ ᠰᠢ ᠣᠷᠣᠯᠴᠠᠪᠠ᠃ | ᠦᠳᠡ ᠶᠢᠨ ᠡᠮᠦᠨᠡᠬᠢ 10 ᠴᠠᠭ ᠲᠤ ᠶᠡᠭᠡ ᠬᠤᠷᠠᠯ ᠡᠬᠢᠯᠡᠪᠡ᠃ ᠴᠢᠯᠦᠭᠡᠯᠡᠬᠦ ᠴᠡᠷᠢᠭ ᠤᠨ ᠴᠡᠷᠢᠭ ᠤᠨ ᠬᠥᠭᠵᠢᠮ ᠤᠨ ᠪᠦᠯᠭᠦᠮ ︽ᠵᠢᠷᠤᠮ ᠤᠨ ᠴᠡᠷᠢᠭ ᠤᠨ | ᠤᠷᠤᠭᠰᠢᠯᠠᠯᠲᠠ ᠶᠢᠨ ᠳᠠᠭᠤᠤ︾ ᠶᠢᠨ ᠠᠶ᠎ᠠ ᠶᠢ ᠬᠥᠭᠵᠢᠮᠳᠡᠵᠦ᠂ ᠲᠠᠯᠠᠪᠠᠢ ᠳᠠᠶᠠᠭᠠᠷ ᠪᠣᠰᠴᠤ ᠵᠣᠭᠰᠣᠨ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠪᠠ᠃ | ᠳ᠋ᠢᠩ ᠰᠢᠤᠸᠠᠢ ᠰᠢᠶᠠᠩ ︽2023 ᠣᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠬᠢᠭᠦᠯᠦᠨ ᠱᠠᠩᠨᠠᠬᠤ ᠲᠤᠬᠠᠢ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ︾ ᠢ ᠤᠩᠰᠢᠨ ᠨᠡᠶᠢᠲᠡᠯᠡᠪᠡ᠃ | ᠶᠣᠰᠣᠯᠠᠯ ᠤᠨ ᠪᠦᠷᠢᠶ᠎ᠡ ᠬᠠᠩᠭᠢᠨᠠᠪᠠ᠂ ᠰᠢ ᠶᠢᠨ ᠫᠢᠩ ᠡᠩ ᠲᠡᠷᠢᠭᠦᠨ ᠳᠤ 2023 ᠣᠨ ᠤ ᠤᠯᠤᠰ ᠤᠨ ᠬᠠᠮᠤᠭ ᠤᠨ ᠳᠡᠭᠡᠳᠦ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠱᠠᠩᠨᠠᠯ ᠢ ᠭᠥᠷᠳᠡᠭᠰᠡᠨ ᠦᠬᠠᠨ ᠶᠡᠭᠡ ᠰᠤᠷᠭᠠᠭᠤᠯᠢ ᠶᠢᠨ ᠯᠢ ᠳ᠋ᠧ ᠷᠧᠨ ᠠᠺᠠᠳᠧᠮᠢᠴᠢ ᠪᠣᠯᠣᠨ ᠴᠢᠩᠬᠤᠸᠠ ᠶᠡᠭᠡ ᠰᠤᠷᠭᠠᠭᠤᠯᠢ ᠶᠢᠨ | ᠰᠢᠤᠸᠠᠢ ᠴᠢ ᠺᠦᠨ ᠠᠺᠠᠳᠧᠮᠢᠴᠢ ᠳᠤ ᠱᠠᠩᠨᠠᠯ ᠤᠨ ᠮᠧᠳᠠᠯ᠂ ᠦᠨᠡᠮᠯᠡᠯ ᠭᠠᠷᠳᠠᠭᠤᠯᠵᠤ᠂ ᠲᠡᠳᠡᠨ ᠲᠠᠢ ᠬᠠᠯᠠᠭᠤᠨ ᠢᠶᠠᠷ ᠭᠠᠷ ᠠᠳᠬᠤᠵᠤ ᠪᠠᠶᠠᠷ ᠬᠦᠷᠭᠡᠵᠦ ᠪᠠᠶᠢᠬᠤ ᠪᠠᠨ | ᠢᠯᠡᠳᠬᠡᠪᠡ᠃ ᠲᠠᠷᠠᠭ᠎ᠠ ᠨᠢ ᠰᠢ ᠶᠢᠨ ᠫᠢᠩ ᠵᠡᠷᠭᠡ ᠨᠠᠮ ᠪᠣᠯᠣᠨ ᠲᠦᠷᠦ ᠶᠢᠨ ᠤᠳᠤᠷᠢᠳᠬᠤ ᠬᠥᠮᠥᠰ ᠬᠠᠮᠤᠭ ᠤᠨ ᠳᠡᠭᠡᠳᠦ ᠱᠠᠩᠨᠠᠯ ᠭᠥᠷᠳᠡᠭᠰᠡᠨ ᠬᠤᠶᠠᠷ | ᠬᠥᠮᠥᠨ ᠲᠠᠢ ᠬᠠᠮᠲᠤ ᠪᠠᠷ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ᠂ ᠤᠯᠤᠰ ᠤᠨ ᠮᠡᠷᠭᠡᠵᠢᠯ ᠤᠨ ᠡᠭᠦᠳᠦᠯᠲᠡ ᠶᠢᠨ ᠱᠠᠩᠨᠠᠯ᠂ ᠤᠯᠤᠰ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠪᠰᠢᠯᠳᠠ ᠶᠢᠨ ᠱᠠᠩᠨᠠᠯ ᠪᠣᠯᠣᠨ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠠᠨ ᠤᠯᠤᠰ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠱᠠᠩᠨᠠᠯ ᠭᠥᠷᠳᠡᠭᠰᠡᠨ ᠲᠥᠯᠥᠭᠡᠯᠡᠭᠴᠢ ᠳᠤ ᠦᠨᠡᠮᠯᠡᠯ ᠭᠠᠷᠳᠠᠭᠤᠯᠪᠠ᠃ | ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ | ᠨᠠᠭᠠᠰᠢ ᠨᠠᠮ ᠤᠨ ᠲᠥᠪ ᠬᠤᠷᠢᠶ᠎ᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠭᠦᠨᠵᠡᠭᠡᠢ | ᠠᠬᠢᠭᠤᠯᠵᠤ᠂ ᠰᠢᠨ᠎ᠡ ᠶᠢ ᠡᠭᠦᠳᠬᠦ ᠭᠡᠯᠪᠡᠷᠢ ᠶᠢᠨ ᠤᠯᠤᠰ ᠢ ᠲᠦᠷᠭᠡᠳᠬᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ ᠳᠤᠷᠠᠳᠴᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠬᠦᠴᠦᠲᠡᠢ ᠠᠬᠢᠭᠤᠯᠵᠤ᠂ ᠮᠠᠨ ᠤ ᠤᠯᠤᠰ ᠤᠨ ᠰᠠᠭᠤᠷᠢ ᠬᠤᠰᠢᠭᠤᠷᠠᠯ ᠰᠤᠳᠤᠯᠭᠠᠨ ᠰᠢᠨ᠎ᠡ ᠰᠢᠪᠲᠤᠯᠤᠯᠲᠠ ᠲᠠᠢ ᠪᠣᠯᠵᠤ᠂ | ᠪᠠᠶᠢᠯᠳᠤᠬᠤ ᠪᠣᠳᠣᠯᠭ᠎ᠠ ᠶᠢᠨ ᠳᠡᠭᠡᠳᠦ ᠮᠡᠷᠭᠡᠵᠢᠯ ᠤᠨ ᠬᠦᠷᠢᠶ᠎ᠡ ᠴᠠᠷᠠᠭ᠎ᠠ ᠳᠤ ᠰᠢᠨ᠎ᠡ ᠳᠠᠪᠠᠯᠲᠠ ᠶᠢ ᠪᠡᠶᠡᠯᠡᠭᠦᠯᠵᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠵᠤ | ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠪᠠᠶᠢᠭᠤᠯᠤᠮᠵᠢ ᠶᠢᠨ ᠥᠭᠡᠷᠡᠴᠢᠯᠡᠯᠲᠡ ᠰᠢᠨ᠎ᠡ ᠪᠠᠶᠢᠳᠠᠯ ᠢ ᠨᠡᠭᠡᠭᠡᠵᠦ᠂ ᠣᠯᠠᠨ ᠤᠯᠤᠰ ᠤᠨ ᠨᠡᠭᠡᠭᠡᠯᠲᠡᠲᠤ ᠬᠠᠮᠲᠤᠷᠠᠯᠴᠠᠭ᠎ᠠ ᠰᠢᠨ᠎ᠡ ᠠᠬᠢᠴᠠ ᠲᠠᠢ ᠪᠣᠯᠵᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠴᠠᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠴᠠᠭ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠤᠨ ᠬᠥᠭᠵᠢᠯᠲᠡ ᠶᠢᠨ ᠦᠢᠯᠡᠳᠦᠯᠭᠡ ᠳᠤᠮᠳᠠ ᠪᠢᠳᠡ | ᠵᠢᠮ᠎ᠡ ᠶᠣᠰᠣᠴᠢ ᠴᠢᠨᠠᠷᠲᠠᠢ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠮᠠᠰᠢ ᠣᠯᠠᠨ ᠴᠢᠬᠤᠯᠠ ᠲᠤᠷᠰᠢᠯᠭ᠎ᠠ ᠶᠢ ᠬᠤᠷᠠᠮᠳᠤᠭᠤᠯᠪᠠ᠂ ᠭᠤᠣᠯᠳᠠᠭᠤ᠄ | ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠠᠮ ᠢᠶᠠᠷ | ᠵᠠᠮᠨᠠᠬᠤ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ︽ᠳᠥᠷᠪᠡ ᠳᠤ ᠬᠠᠨᠳᠤᠬᠤ︾ ᠪᠠᠶᠢᠯᠳᠤᠬᠤ | ᠪᠣᠳᠣᠯᠭ᠎ᠠ ᠶᠢᠨ ᠤᠳᠤᠷᠢᠳᠤᠮᠵᠢ ᠶᠢ ᠪᠠᠷᠢᠮᠲᠠᠯᠠᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ ᠶᠢ | ᠪᠠᠷᠢᠮᠲᠠᠯᠠᠵᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠰᠠᠶᠢᠨ ᠰᠠᠶᠢᠬᠠᠨ ᠣᠷᠴᠢᠯ ᠢ ᠠᠬᠢᠭᠤᠯᠬᠤ ᠶᠢ ᠪᠠᠷᠢᠮᠲᠠᠯᠠᠵᠤ᠂ | ᠰᠢᠨ᠎ᠡ ᠶᠢ ᠡᠭᠦᠳᠬᠦ ᠰᠣᠶᠣᠯ ᠢ ᠪᠣᠶᠢᠵᠢᠭᠤᠯᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠭᠡᠭᠡᠯᠲᠡᠲᠤ ᠬᠠᠮᠲᠤᠷᠠᠯᠴᠠᠭ᠎ᠠ ᠪᠠᠷ ᠬᠥᠮᠥᠨ | ᠲᠥᠷᠥᠯᠬᠢᠲᠡᠨ ᠳᠤ ᠪᠤᠶᠠᠨ ᠦᠢᠯᠡᠳᠬᠦ ᠶᠢ ᠪᠠᠷᠢᠮᠲᠠᠯᠠᠨ᠎ᠠ᠃ ᠡᠳᠡᠭᠡᠷ ᠲᠤᠷᠰᠢᠯᠭ᠎ᠠ ᠶᠢ ᠡᠷᠬᠡᠪᠰᠢ ᠤᠷᠳᠤ ᠬᠤᠭᠤᠴᠠᠭ᠎ᠠ ᠪᠠᠷ ᠪᠠᠷᠢᠮᠲᠠᠯᠠᠬᠤ ᠶᠢᠨ ᠬᠠᠮᠲᠤ ᠦᠢᠯᠡᠳᠦᠯᠭᠡ | ᠳᠤᠮᠳᠠ ᠲᠠᠰᠤᠷᠠᠯᠳᠠ ᠦᠭᠡᠢ ᠪᠠᠶᠠᠯᠢᠭᠵᠢᠭᠤᠯᠤᠨ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠳᠡᠯᠡᠬᠡᠢ ᠶᠢᠷᠲᠢᠨᠴᠦ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠰᠦᠨ ᠰᠢᠷᠦᠭᠦᠰᠴᠦ᠂ ᠰᠢᠨ᠎ᠡ ᠨᠢᠭᠡ | ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠭᠦᠨᠵᠡᠭᠡᠶᠢᠷᠡᠨ ᠬᠥᠭᠵᠢᠵᠦ᠂ ᠪᠦᠭᠦ | ᠪᠥᠮᠪᠥᠷᠴᠡᠭ ᠤᠨ ᠡᠮᠬᠢ ᠳᠢᠭᠯᠢᠮ ᠪᠣᠯᠣᠨ ᠬᠥᠭᠵᠢᠯᠲᠡ ᠶᠢᠨ ᠪᠠᠶᠢᠷᠢᠰᠢᠯ ᠢ ᠭᠦᠨᠵᠡᠭᠡᠢ ᠲᠠᠭᠢᠨ ᠪᠦᠷᠢᠯᠳᠦᠭᠦᠯᠪᠡ᠃ ᠮᠠᠨ ᠤ ᠤᠯᠤᠰ ᠤᠨ ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠤᠨ ᠦᠢᠯᠡᠰ ᠤᠨ ᠬᠥᠭᠵᠢᠯᠲᠡ ᠳᠤ ᠪᠠᠰᠠ ᠵᠠᠷᠢᠮ ᠳᠤᠲᠠᠭᠤᠳᠠᠯ᠂ ᠪᠠᠭᠤᠷᠠᠢ ᠲᠠᠯ᠎ᠠ ᠣᠷᠣᠰᠢᠵᠤ ᠪᠠᠶᠢᠨ᠎ᠠ᠂ ᠡᠷᠬᠡᠪᠰᠢ ᠲᠤᠯᠭᠠᠮ ᠰᠡᠳᠬᠢᠯᠭᠡ ᠪᠠᠨ ᠴᠢᠨᠠᠭᠰᠢᠳᠠ | ᠴᠢᠩᠭᠠᠳᠬᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠤᠨ ᠥᠷᠢᠰᠦᠯᠳᠦᠭᠡᠨ ᠪᠠ ᠢᠷᠡᠭᠡᠳᠦᠢ ᠶᠢᠨ ᠬᠥᠭᠵᠢᠯᠲᠡ ᠶᠢᠨ ᠠᠰᠢᠭᠲᠠᠢ ᠪᠠᠶᠢᠷᠢ ᠶᠢ ᠵᠠᠪᠳᠤᠨ ᠡᠵᠡᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠭᠡᠯᠪᠡᠷᠢ ᠶᠢᠨ ᠤᠯᠤᠰ ᠳᠠᠶᠠᠭᠠᠷᠴᠢᠯᠠᠬᠰᠠᠨ ᠪᠠᠶᠢᠭᠤᠯᠤᠮᠵᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠨᠠᠮ ᠤᠨ ᠲᠥᠪ | ᠬᠤᠷᠢᠶ᠎ᠠ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠢ ᠲᠥᠪᠯᠡᠷᠡᠩᠭᠦᠢ ᠨᠢᠭᠡᠳᠦᠯᠲᠡᠢ ᠤᠳᠤᠷᠢᠳᠬᠤ ᠪᠠᠶᠢᠭᠤᠯᠤᠮᠵᠢ ᠶᠢ ᠲᠡᠭᠦᠯᠳᠡᠷᠵᠢᠭᠦᠯᠵᠦ᠂ | ᠵᠣᠬᠢᠴᠠᠩᠭᠤᠢ ᠥᠨᠳᠥᠷ ᠪᠦᠲᠦᠮᠵᠢᠲᠡᠢ ᠰᠢᠢᠳᠪᠦᠷᠢᠲᠦ ᠪᠣᠳᠣᠯᠭ᠎ᠠ ᠶᠢᠨ ᠵᠢᠯᠤᠭᠤᠳᠬᠤ ᠰᠢᠰᠲ᠋ᠧᠮ ᠪᠣᠯᠣᠨ ᠵᠣᠬᠢᠶᠠᠨ ᠪᠠᠶᠢᠭᠤᠯᠵᠤ ᠬᠡᠷᠡᠭᠵᠢᠭᠦᠯᠬᠦ ᠰᠢᠰᠲ᠋ᠧᠮ ᠢ | ᠪᠠᠶᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠡᠬᠢ ᠪᠠᠶᠠᠯᠢᠭ ᠢ ᠲᠣᠬᠢᠷᠠᠭᠤᠯᠬᠤ ᠳᠤᠮᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠬᠦ ᠴᠢᠨᠠᠷᠲᠠᠢ | ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ᠂ ᠠᠵᠤ ᠦᠢᠯᠡᠰ ᠵᠢᠭᠠᠨ ᠰᠤᠷᠭᠠᠯᠲᠠ ᠰᠤᠳᠤᠯᠭᠠᠨ | ᠵᠡᠷᠭᠡ ᠡᠯ᠎ᠡ ᠭᠤᠭᠴᠤᠭ᠎ᠠ ᠶᠢᠨ ᠢᠳᠡᠪᠬᠢᠵᠢᠯ ᠢ ᠳᠠᠶᠢᠴᠢᠯᠠᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠬᠠᠮᠲᠤ ᠪᠠᠷ ᠠᠬᠢᠭᠤᠯᠬᠤ | ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠦᠴᠦᠨ ᠤ | ᠪᠠᠶᠢᠭᠤᠯᠤᠯᠲᠠ ᠶᠢ ᠴᠢᠩᠭᠠᠳᠬᠠᠵᠤ᠂ ᠰᠠᠭᠤᠷᠢ ᠰᠤᠳᠤᠯᠭᠠᠨ ᠤ ᠵᠣᠬᠢᠶᠠᠨ ᠪᠠᠶᠢᠭᠤᠯᠤᠯᠲᠠ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠴᠢᠯᠦᠭᠡᠲᠡᠢ ᠪᠠᠷ ᠰᠦᠪᠡᠭᠴᠢᠯᠡᠬᠦ ᠶᠢ | ᠵᠣᠷᠢᠭᠵᠢᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠦᠨᠳᠦᠰᠦ ᠪᠠ ᠰᠠᠭᠤᠷᠢ ᠶᠢ ᠪᠠᠲᠤ ᠴᠣᠭᠴᠠᠯᠠᠬᠤ ᠬᠡᠷᠡᠭᠲᠡᠢ ᠭᠡᠵᠦ | ᠴᠢᠬᠤᠯᠠᠴᠢᠯᠠᠵᠠᠢ᠃ | ᠰᠢ ᠶᠢᠨ ᠫᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠣᠯᠣᠨ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ | ᠠᠭᠤᠰᠤᠯᠴᠠᠯ ᠢ ᠠᠬᠢᠭᠤᠯᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠢ᠃ ᠣᠳᠣᠬᠢᠴᠢᠯᠠᠭᠰᠠᠨ | ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠣᠯᠣᠨ ᠪᠠᠭᠤᠷᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | ᠴᠢᠨᠠᠷ ᠰᠠᠶᠢᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠩᠭᠠᠯᠭ᠎ᠠ ᠶᠢ ᠨᠡᠮᠡᠭᠳᠡᠭᠦᠯᠵᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠣᠨ ᠢᠷᠡᠭᠡᠳᠦᠢ ᠶᠢᠨ | ᠠᠵᠤ ᠦᠢᠯᠡᠰ ᠢ ᠪᠣᠶᠢᠵᠢᠭᠤᠯᠤᠨ ᠬᠥᠭᠵᠢᠭᠦᠯᠵᠦ᠂ ᠰᠢᠨ᠎ᠡ ᠮᠡᠷᠭᠡᠵᠢᠯ ᠢ ᠢᠳᠡᠪᠬᠢᠲᠡᠢ ᠠᠰᠢᠭᠯᠠᠨ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠭᠦ | ᠬᠡᠷᠡᠭᠲᠡᠢ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠷᠠᠭᠤᠯᠵᠤ᠂ | ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠤᠨ ᠬᠡᠷᠡᠭᠯᠡᠬᠦ ᠶᠢ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠮᠥᠩᠭᠦᠨ ᠭᠦᠢᠯᠭᠡᠭᠡ ᠶᠢᠨ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ | ᠡᠯ᠎ᠡ ᠲᠦᠷᠦᠯ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠰᠢᠨ᠎ᠡ ᠶᠢ ᠡᠭᠦᠳᠬᠦ ᠡᠬᠢ ᠪᠠᠶᠠᠯᠢᠭ ᠢ | ᠰᠢᠯᠢᠳᠡᠭᠵᠢᠭᠦᠯᠦᠨ ᠲᠣᠬᠢᠷᠠᠭᠤᠯᠬᠤ ᠶᠢ ᠴᠢᠩᠭᠠᠳᠬᠠᠬᠤ ᠬᠡᠷᠡᠭᠲᠡᠢ᠃ ᠣᠷᠣᠨ ᠪᠦᠰᠡ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠪᠠᠶᠢᠷᠢᠰᠢᠯ ᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠥᠯᠥᠪᠯᠡᠭᠡ ᠬᠠᠮᠢᠶᠠᠷᠤᠯᠲᠠ ᠶᠢ ᠰᠠᠶᠢᠵᠢᠷᠠᠭᠤᠯᠵᠤ᠂ ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠣᠷᠣᠭᠤᠯᠤᠯᠲᠠ ᠶᠢᠨ ᠬᠦᠴᠦᠨ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠰᠢᠨᠵᠢᠯᠡᠬᠦ ᠤᠬᠠᠭᠠᠨ ᠤ ᠰᠤᠳᠤᠯᠭᠠᠨ ᠤ | ᠠᠵᠢᠯᠯᠠᠭ᠎ᠠ ᠶᠢᠨ ᠵᠢᠮ᠎ᠡ ᠶᠣᠰᠣᠨ ᠳᠤ ᠨᠡᠶᠢᠴᠡᠬᠦ ᠲᠥᠷᠥᠯ ᠬᠤᠪᠢᠶᠠᠨ ᠦᠨᠡᠯᠡᠬᠦ ᠰᠢᠰᠲ᠋ᠧᠮ ᠪᠠ ᠰᠢᠯᠭᠠᠨ ᠬᠢᠨᠠᠬᠤ ᠲᠣᠭᠲᠠᠴᠠ ᠶᠢ ᠲᠦᠷᠭᠡᠳᠬᠡᠨ ᠪᠦᠷᠢᠨᠰᠢᠭᠦᠯᠵᠦ᠂ | ᠤᠷᠮᠠᠰᠢᠭᠤᠯᠬᠤ ᠳᠦᠷᠢᠮ ᠢ ᠲᠡᠭᠦᠯᠳᠡᠷᠵᠢᠭᠦᠯᠦᠨ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠪᠠᠶᠢᠭᠤᠯᠤᠮᠵᠢ ᠲᠣᠭᠲᠠᠴᠠ ᠶᠢ ᠨᠢᠭᠡ | ᠴᠣᠭᠴᠠᠵᠢᠭᠤᠯᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠬᠠᠮᠵᠢᠯᠴᠠᠨ ᠬᠥᠮᠥᠨ ᠢ ᠬᠥᠮᠥᠵᠢᠭᠦᠯᠬᠦ ᠲᠣᠭᠲᠠᠴᠠ ᠶᠢ | ᠲᠡᠭᠦᠯᠳᠡᠷᠵᠢᠭᠦᠯᠵᠦ᠂ ᠬᠡᠪᠴᠢᠶ᠎ᠡ ᠪᠠᠷ ᠠᠤᠭ᠎ᠠ ᠶᠡᠭᠡ᠂ ᠪᠦᠲᠦᠴᠡ ᠵᠣᠬᠢᠰᠲᠠᠢ᠂ ᠬᠡᠪ ᠪᠣᠯᠪᠠᠰᠤᠷᠠᠯ ᠰᠢᠯᠢᠳᠡᠭ ᠰᠢᠨ᠎ᠡ ᠶᠢ ᠡᠭᠦᠳᠬᠦ ᠭᠡᠯᠪᠡᠷᠢ ᠶᠢᠨ ᠴᠢᠳᠠᠪᠤᠷᠢᠲᠠᠨ ᠤ | ᠡᠩᠨᠡᠭᠡ ᠶᠢ ᠲᠦᠷᠭᠡᠨ ᠬᠥᠮᠥᠵᠢᠭᠦᠯᠬᠦ ᠬᠡᠷᠡᠭᠲᠡᠢ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠬᠢᠴᠢᠶᠡᠯ ᠰᠢᠨᠵᠢᠯᠡᠭᠡᠨ ᠤ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ | ᠴᠢᠳᠠᠪᠤᠷᠢᠲᠠᠨ ᠬᠥᠮᠥᠵᠢᠭᠦᠯᠬᠦ ᠵᠠᠭᠪᠤᠷ ᠤᠨ ᠰᠢᠨ᠎ᠡ ᠶᠢ ᠡᠭᠦᠳᠴᠦ᠂ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠬᠥᠮᠥᠵᠢᠭᠦᠯᠬᠦ ᠬᠢᠷᠢ ᠲᠦᠪᠰᠢᠨ ᠪᠠ ᠶᠠᠰᠤ ᠴᠢᠨᠠᠷ ᠢ | ᠳᠡᠭᠡᠭᠰᠢᠯᠡᠭᠦᠯᠭᠦ ᠬᠡᠷᠡᠭᠲᠡᠢ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠳᠠᠪᠤᠷᠢᠲᠠᠨ ᠤ ᠬᠦᠴᠦᠨ ᠢ ᠲᠦᠷᠭᠡᠳᠬᠡᠨ ᠪᠠᠶᠢᠭᠤᠯᠵᠤ᠂ ᠭᠠᠷᠮᠠᠭᠠᠢ ᠢᠨᠵᠧᠨᠧᠷ᠂ ᠲᠣᠮᠣ | ᠤᠯᠤᠰ ᠤᠨ ᠤᠷᠠᠨ ᠳᠠᠷᠬᠠᠨ᠂ ᠳᠡᠭᠡᠳᠦ ᠵᠡᠷᠭᠡ ᠶᠢᠨ ᠤᠷ᠎ᠠ ᠮᠡᠷᠭᠡᠵᠢᠯ ᠤᠨ ᠴᠢᠳᠠᠪᠤᠷᠢᠲᠠᠨ ᠢ ᠬᠦᠴᠦᠯᠡᠨ ᠬᠥᠮᠥᠵᠢᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠤᠨ ᠵᠠᠯᠠᠭᠤ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠥᠷᠭᠡᠨ | ᠤᠯᠠᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ᠠᠯᠤᠰ ᠭᠡᠳᠤ ᠶᠢᠨ ᠵᠣᠷᠢᠯᠲᠠ ᠲᠠᠢ᠂ ᠤᠯᠤᠰ ᠢᠶᠠᠨ ᠬᠠᠶᠢᠷᠠᠯᠠᠵᠤ ᠬᠤᠪᠢ ᠨᠡᠮᠡᠷᠢ ᠦᠵᠡᠭᠦᠯᠭᠦ᠂ | ᠰᠢᠨ᠎ᠡ ᠶᠢ ᠡᠭᠦᠳᠬᠦ ᠪᠠᠷ ᠵᠣᠷᠢᠭ ᠰᠢᠭᠤᠳᠬᠤ ᠶᠢ ᠵᠣᠷᠢᠭᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠣᠶᠢᠯᠠᠭᠠᠭᠳᠠᠬᠤᠨ ᠢ ᠭᠦᠨᠵᠡᠭᠡᠢ | ᠦᠢᠯᠡᠳᠦᠯᠭᠡᠵᠢᠭᠦᠯᠵᠦ᠂ ᠨᠡᠭᠡᠭᠡᠯᠲᠡ ᠬᠢᠵᠦ ᠬᠠᠮᠲᠤᠷᠠᠯᠴᠠᠬᠤ ᠳᠤᠮᠳᠠ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠬᠦ ᠬᠡᠷᠡᠭᠲᠡᠢ᠃ ᠤᠯᠠᠨ ᠤᠯᠤᠰ ᠤᠨ | ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠰᠠᠨᠠᠭᠠᠴᠢᠯᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠵᠠᠰᠠᠭ ᠤᠨ ᠣᠷᠳᠣᠨ ᠪᠣᠯᠣᠨ ᠠᠷᠠᠳ ᠤᠨ | ᠬᠤᠭᠤᠷᠣᠨᠳᠣᠭᠢ ᠰᠣᠯᠢᠯᠴᠠᠭ᠎ᠠ ᠬᠠᠮᠲᠤᠷᠠᠯᠴᠠᠭ᠎ᠠ ᠶᠢᠨ ᠠᠷᠭ᠎ᠠ ᠵᠠᠮ ᠢ ᠴᠢᠨᠠᠭᠰᠢᠳᠠ ᠥᠷᠭᠡᠳᠬᠡᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ | ᠪᠠᠶᠢᠭᠤᠯᠬᠤ ᠵᠡᠷᠭᠡ ᠲᠠᠪᠴᠠᠩ ᠤᠨ ᠦᠢᠯᠡᠳᠦᠯ ᠢ ᠪᠠᠳᠠᠷᠠᠭᠤᠯᠵᠤ᠂ ᠡᠯ᠎ᠡ ᠤᠯᠤᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠬᠠᠮᠲᠤᠷᠠᠨ ᠪᠣᠭᠤᠮᠲᠠ | ᠰᠢᠪᠲᠤᠯᠬᠤ ᠶᠢ ᠳᠡᠮᠵᠢᠬᠦ ᠬᠡᠷᠡᠭᠲᠡᠢ᠃ ᠪᠦᠭᠦ ᠪᠥᠮᠪᠥᠷᠴᠡᠭ ᠤᠨ ᠰᠢᠨ᠎ᠡ ᠶᠢ ᠡᠭᠦᠳᠬᠦ ᠲᠣᠣᠷ ᠰᠦᠯᠵᠢᠶ᠎ᠡ ᠳᠤ ᠢᠳᠡᠪᠬᠢᠲᠡᠢ ᠠᠭᠤᠰᠤᠯᠴᠠᠵᠤ᠂ ᠪᠦᠭᠦ ᠪᠥᠮᠪᠥᠷᠴᠡᠭ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠯᠲᠠ ᠳᠤ ᠭᠦᠨᠵᠡᠭᠡᠢ ᠣᠷᠣᠯᠴᠠᠵᠤ᠂ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠬᠠᠮᠲᠤ ᠪᠠᠷ | ᠠᠷᠭᠠᠴᠠᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠥᠮᠥᠨ ᠲᠥᠷᠥᠯᠬᠢᠲᠡᠨ ᠳᠤ ᠨᠡᠩ ᠰᠠᠶᠢᠲᠤᠷ ᠪᠤᠶᠠᠨ ᠦᠢᠯᠡᠳᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠤᠶᠠᠷ ᠬᠦᠷᠢᠶᠡᠯᠡᠩ ᠤᠨ ᠠᠺᠠᠳᠧᠮᠢᠴᠢᠴᠤᠳ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠤᠰᠢᠭᠤᠷᠠᠯ ᠤᠨ ᠵᠠᠮ ᠨᠡᠭᠡᠭᠡᠭᠴᠢ᠂ ᠴᠢᠬᠤᠯᠠ | ᠶᠡᠭᠡ ᠡᠭᠦᠷᠭᠡ ᠶᠢ ᠡᠭᠦᠷᠭᠡᠯᠡᠭᠴᠢ᠂ ᠵᠠᠯᠠᠭᠤ ᠴᠢᠳᠠᠪᠤᠷᠢᠲᠠᠨ ᠤ ᠦᠰᠦᠨ ᠪᠤᠶᠢᠵᠢᠯᠲᠠ ᠶᠢᠨ ᠳᠠᠭᠠᠭᠤᠯᠤᠭᠴᠢ᠂ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭᠠᠨ ᠤ ᠵᠢᠱᠢᠶ᠎ᠡ | ᠦᠵᠡᠭᠦᠯᠦᠭᠴᠢ ᠪᠣᠯᠵᠤ᠂ ᠮᠠᠨ ᠤ ᠤᠯᠤᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠢᠯᠡᠰ ᠤᠨ ᠬᠥᠭᠵᠢᠯᠲᠡ ᠳᠤ ᠲᠠᠭᠢᠨ ᠰᠢᠨ᠎ᠡ ᠭᠠᠪᠢᠶ᠎ᠠ ᠪᠠᠶᠢᠭᠤᠯᠬᠤ ᠶᠢ | ᠬᠦᠰᠡᠵᠦ ᠪᠠᠶᠢᠨ᠎ᠠ᠃ ᠥᠷᠭᠡᠨ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠤᠬᠠᠮᠰᠠᠷ ᠠᠴᠠ ᠪᠠᠨ ᠡᠷᠳᠡᠮ ᠰᠢᠨᠵᠢᠯᠡᠭᠡᠨ ᠤ ᠬᠥᠭᠡᠭᠡᠴᠡᠯᠳᠦᠯ ᠢᠶᠠᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠠᠭᠤᠤ ᠶᠡᠭᠡ ᠦᠢᠯᠡᠰ ᠲᠤ ᠠᠭᠤᠰᠤᠯᠴᠠᠭᠤᠯᠵᠤ᠂ ᠴᠠᠭ ᠦᠶ᠎ᠡ ᠳᠤ | ᠣᠰᠣᠯᠳᠠᠬᠤ ᠦᠭᠡᠢ᠂ ᠠᠷᠠᠳ ᠲᠦᠮᠡᠨ ᠳᠤ ᠣᠰᠣᠯᠳᠠᠬᠤ ᠦᠭᠡᠢ ᠰᠢᠨ᠎ᠡ ᠠᠮᠵᠢᠯᠲᠠ ᠪᠦᠳᠦᠮᠵᠢ ᠶᠢ ᠡᠭᠦᠳᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠠ | ᠵᠠᠰᠠᠭ ᠤᠨ ᠣᠷᠳᠣᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠᠨ ᠦᠨᠡᠨ ᠬᠦ ᠴᠢᠩᠭᠠᠳᠬᠠᠵᠤ᠂ ᠦᠢᠯᠡᠴᠢᠯᠡᠭᠡ | ᠪᠠᠲᠤᠯᠠᠭ᠎ᠠ ᠶᠢ ᠪᠦᠭᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠦ ᠢᠯᠡᠳᠬᠡᠪᠡ᠃ | ᠯᠢ ᠴᠢᠶᠠᠩ ᠶᠡᠭᠡ ᠬᠤᠷᠠᠯ ᠢ ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠣᠶᠢᠷ᠎ᠠ ᠶᠢᠨ ᠵᠢᠯ ᠤᠨ ᠲᠤᠷᠰᠢᠬᠢ ᠮᠠᠨ ᠤ | ᠤᠯᠤᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠣᠯᠣᠭᠰᠠᠨ ᠲᠡᠦᠬᠡᠲᠦ ᠴᠢᠨᠠᠷᠲᠠᠢ ᠠᠮᠵᠢᠯᠲᠠ ᠶᠢ ᠭᠦᠢᠴᠡᠳ | ᠨᠤᠲᠠᠯᠠᠵᠤ᠂ ᠰᠢᠨ᠎ᠡ ᠴᠠᠭ ᠦᠶ᠎ᠡ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠢᠯᠡᠰ ᠤᠨ ᠬᠥᠭᠵᠢᠯᠲᠡ ᠶᠢᠨ ᠴᠢᠬᠤᠯᠠ ᠲᠤᠷᠰᠢᠯᠭ᠎ᠠ ᠶᠢ ᠭᠦᠨᠵᠡᠭᠡᠢ | ᠳ᠋ᠦᠩᠨᠡᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ᠂ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠠᠭᠤᠤ ᠶᠡᠭᠡ ᠠᠬᠢᠴᠠ ᠳᠤᠮᠳᠠᠬᠢ ᠴᠢᠬᠤᠯᠠ ᠦᠢᠯᠡᠳᠦᠯ ᠢ ᠨᠠᠷᠢᠨ ᠲᠣᠳᠣᠷᠬᠠᠢ ᠥᠭᠦᠯᠡᠵᠦ᠂ | ᠰᠢᠨ᠎ᠡ ᠪᠠᠶᠢᠳᠠᠯ ᠤᠨ ᠳᠣᠣᠷ᠎ᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠦᠴᠦᠷᠬᠡᠭ ᠤᠯᠤᠰ ᠢ ᠲᠦᠷᠭᠡᠪᠴᠢᠯᠡᠨ ᠪᠠᠶᠢᠭᠤᠯᠬᠤ ᠶᠢᠨ ᠦᠨᠳᠦᠰᠦᠨ | ᠠᠭᠤᠯᠤᠭᠳᠠᠬᠤᠨ ᠪᠠ ᠭᠤᠣᠯ ᠡᠭᠦᠷᠭᠡ ᠶᠢ ᠰᠢᠰᠲ᠋ᠧᠮ ᠲᠠᠢ ᠪᠠᠷ ᠲᠣᠳᠣᠷᠬᠠᠶᠢᠯᠠᠨ ᠥᠭᠦᠯᠡᠵᠦ᠂ ᠰᠢᠨ᠎ᠡ ᠴᠠᠭ ᠦᠶ᠎ᠡ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ | ᠠᠵᠢᠯ ᠢ ᠰᠠᠶᠢᠲᠤᠷ ᠬᠢᠬᠦ ᠳᠤ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠪᠠ᠂ ᠭᠦᠨᠵᠡᠭᠡᠢ ᠰᠤᠷᠤᠯᠴᠠᠨ ᠣᠶᠢᠯᠠᠭᠠᠵᠤ᠂ ᠨᠠᠷᠢᠨ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠬᠡᠷᠡᠭᠲᠡᠢ᠃ ᠰᠢᠨ᠎ᠡ ᠠᠶᠠᠨ ᠳᠤ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ | ᠬᠦᠴᠦᠷᠬᠡᠭᠵᠢᠬᠦ ᠶᠢ ᠪᠡᠶᠡᠯᠡᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠠᠶᠢᠭᠤᠯᠬᠤ ᠡᠭᠦᠷᠭᠡ ᠥᠩᠭᠡ ᠭᠡᠷᠡᠯᠲᠡᠢ᠂ ᠬᠠᠷᠢᠭᠤᠴᠠᠯᠭ᠎ᠠ | ᠬᠦᠨᠳᠦ ᠶᠡᠭᠡ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠢ ᠰᠠᠶᠢᠲᠤᠷ ᠬᠢᠬᠦ ᠤᠬᠠᠮᠰᠠᠷᠲᠤ ᠴᠢᠨᠠᠷ ᠪᠣᠯᠣᠨ ᠡᠷᠡᠰ ᠪᠠᠲᠤ ᠴᠢᠨᠠᠷ ᠢᠶᠠᠨ ᠴᠢᠨᠠᠭᠰᠢᠳᠠ ᠴᠢᠩᠭᠠᠳᠬᠠᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠳᠡᠭᠡᠷ᠎ᠡ ᠯᠢ ᠳ᠋ᠧ ᠷᠧᠨ ᠪᠣᠯᠣᠨ ᠰᠢᠤᠸᠠᠢ ᠴᠢ ᠺᠦᠨ ᠱᠠᠩᠨᠠᠯ ᠭᠥᠷᠳᠡᠭᠰᠡᠨ ᠪᠦᠭᠦ ᠬᠥᠮᠥᠰ ᠢ ᠲᠥᠯᠥᠭᠡᠯᠡᠨ ᠦᠭᠡ ᠬᠡᠯᠡᠪᠡ᠃ | ᠬᠤᠷᠠᠯ ᠠᠴᠠ ᠡᠮᠦᠨ᠎ᠡ ᠰᠢ ᠶᠢᠨ ᠫᠢᠩ ᠵᠡᠷᠭᠡ ᠤᠳᠤᠷᠢᠳᠬᠤ ᠨᠥᠬᠦᠳ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠭᠥᠷᠳᠡᠭᠰᠡᠨ | ᠲᠥᠯᠥᠭᠡᠯᠡᠭᠴᠢᠳ ᠲᠠᠢ ᠳᠣᠲᠣᠨᠣ ᠪᠠᠷ ᠠᠭᠤᠯᠵᠠᠭᠰᠠᠨ ᠪᠥᠭᠡᠳ ᠤᠯᠠᠨ ᠲᠠᠢ ᠬᠠᠮᠲᠤ ᠶᠢᠨ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠦᠷᠦ ᠶᠢᠨ ᠶᠠᠪᠤᠳᠠᠯ ᠤᠨ | ᠭᠡᠰᠢᠭᠦᠨ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ ᠪᠦᠭᠦ ᠤᠯᠤᠰ ᠤᠨ | ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠶᠡᠭᠡ ᠬᠤᠷᠠᠯ ᠳᠤ ᠣᠷᠣᠯᠴᠠᠪᠠ᠃ | ᠡᠯ᠎ᠡ ᠮᠤᠵᠢ ᠣᠷᠣᠨ ᠬᠤᠲᠠ ᠪᠣᠯᠣᠨ ᠲᠤᠰᠠᠭᠠᠷ ᠲᠥᠯᠥᠪᠯᠡᠭᠡᠲᠦ ᠬᠤᠲᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ᠂ | ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ ᠤᠨ ᠪᠦᠯᠭᠦᠮ᠂ ᠴᠡᠷᠢᠭ ᠠᠩᠭᠢ ᠶᠢᠨ | ᠬᠤᠯᠪᠣᠭᠳᠠᠯ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ᠂ ᠬᠤᠶᠠᠷ ᠬᠦᠷᠢᠶᠡᠯᠡᠩ ᠤᠨ ᠠᠺᠠᠳᠧᠮᠢᠴᠢ᠂ ᠬᠡᠰᠡᠭ ᠭᠠᠳᠠᠭᠠᠳᠤ ᠶᠢᠨ ᠠᠺᠠᠳᠧᠮᠢᠴᠢ᠂ | ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠬᠦᠷᠲᠡᠭᠰᠡᠳ ᠤᠨ ᠲᠥᠯᠥᠭᠡᠯᠡᠭᠴᠢ ᠵᠡᠷᠭᠡ 3000 ᠰᠢᠬᠠᠮ ᠬᠥᠮᠥᠨ ᠶᠡᠭᠡ ᠬᠤᠷᠠᠯ ᠳᠤ | ᠣᠷᠣᠯᠴᠠᠵᠠᠢ᠃ | 2023 ᠣᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠳᠤ ᠨᠡᠶᠢᠲᠡ 250 ᠲᠥᠷᠥᠯ ᠵᠦᠢᠯ ᠪᠠ 12 ᠨᠡᠷᠡᠰ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠤᠰᠬᠠᠢ ᠮᠡᠷᠭᠡᠵᠢᠯᠲᠡᠨ ᠢ ᠰᠢᠯᠭᠠᠷᠠᠭᠤᠯᠪᠠ᠃ ᠡᠭᠦᠨ ᠳᠤ ᠤᠯᠤᠰ ᠤᠨ ᠬᠠᠮᠤᠭ ᠤᠨ ᠳᠡᠭᠡᠳᠦ ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠤᠨ ᠱᠠᠩᠨᠠᠯ ᠭᠦᠷᠲᠡᠭᠴᠢ 2 ᠬᠥᠮᠥᠨ ᠪᠤᠶ︔ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ 49 ᠵᠦᠢᠯ ᠪᠠᠶᠢᠵᠤ᠂ ᠡᠭᠦᠨ ᠳᠤ ᠨᠢᠭᠡᠳᠦᠭᠡᠷ | ᠳᠡᠰ ᠤᠨ ᠱᠠᠩᠨᠠᠯ 1 ᠵᠦᠢᠯ᠂ ᠬᠤᠶᠠᠳᠤᠭᠠᠷ ᠳᠡᠰ ᠤᠨ ᠱᠠᠩᠨᠠᠯ 48 ᠵᠦᠢᠯ ᠪᠤᠢ︔ ᠤᠯᠤᠰ ᠤᠨ ᠮᠡᠷᠭᠡᠵᠢᠯ ᠤᠨ ᠡᠭᠦᠳᠦᠯᠲᠡ ᠶᠢᠨ ᠱᠠᠩᠨᠠᠯ 62 ᠵᠦᠢᠯ ᠪᠠᠶᠢᠵᠤ᠂ | ᠡᠭᠦᠨ ᠳᠤ ᠨᠢᠭᠡᠳᠦᠭᠡᠷ ᠳᠡᠰ ᠤᠨ ᠱᠠᠩᠨᠠᠯ 8 ᠵᠦᠢᠯ᠂ ᠬᠤᠶᠠᠳᠤᠭᠠᠷ ᠳᠡᠰ ᠤᠨ ᠱᠠᠩᠨᠠᠯ 54 ᠵᠦᠢᠯ ᠪᠤᠢ︔ ᠤᠯᠤᠰ ᠤᠨ ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠤᠨ ᠳᠠᠪᠰᠢᠯᠲᠠ ᠶᠢᠨ ᠱᠠᠩᠨᠠᠯ 139 ᠵᠦᠢᠯ ᠪᠠᠶᠢᠵᠤ᠂ ᠡᠭᠦᠨ ᠳᠤ ᠣᠨᠴᠠ ᠳᠡᠰ ᠤᠨ ᠱᠠᠩᠨᠠᠯ 3 ᠵᠦᠢᠯ᠂ ᠨᠢᠭᠡᠳᠦᠭᠡᠷ ᠳᠡᠰ ᠤᠨ ᠱᠠᠩᠨᠠᠯ 16 ᠵᠦᠢᠯ᠂ | ᠬᠤᠶᠠᠳᠤᠭᠠᠷ ᠳᠡᠰ ᠤᠨ ᠱᠠᠩᠨᠠᠯ 120 ᠵᠦᠢᠯ ᠪᠤᠢ︔ ᠭᠠᠳᠠᠭᠠᠳᠤ ᠶᠢᠨ 10 ᠲᠤᠰᠬᠠᠢ ᠮᠡᠷᠭᠡᠵᠢᠯᠲᠡᠨ ᠳᠤ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠣᠯᠠᠨ ᠤᠯᠤᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠱᠠᠩᠨᠠᠯ ᠣᠯᠭᠤᠪᠠ᠃ | |