ᠬᠤᠰᠢᠭᠤᠨ ᠤ ᠠᠶᠤᠯᠭᠦᠶ ᠦᠢᠯᠡᠳᠪᠤᠷᠢᠯᠠᠯ ᠤᠨ ᠵᠥᠪᠯᠡᠯ ᠤᠨ 2024 ᠣᠨ ᠤ 6 ᠳ᠋ᠤᠭᠠᠷ ᠤᠳᠠᠭᠠᠨ ᠤ ᠪᠥᠬᠦᠳᠡ ᠬᠤᠷᠠᠯ ᠵᠢᠴᠢ ᠦᠨᠳᠦᠰᠦᠨ ᠠᠴᠠ ᠨᠢ ᠵᠠᠰᠠᠬᠤ ᠰᠢᠪᠲᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠪᠣᠯᠤᠨ ᠤᠯᠤᠰ ᠲᠥᠷᠥ ᠶᠢᠨ ᠬᠢᠨᠠᠯᠲᠠ ᠲᠠᠯᠪᠢᠬᠤ ᠶᠢ ᠠᠬᠢᠭᠤᠯᠬᠤ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2024/6/28
      6 ᠰᠠᠷ᠎ᠠ ᠶᠢᠨ 27᠎ ᠤ ᠡᠳᠦᠷ᠂ ᠬᠤᠰᠢᠭᠤᠨ ᠤ ᠠᠶᠤᠯᠭᠦᠶ ᠦᠢᠯᠡᠳᠪᠤᠷᠢᠯᠠᠯ ᠤᠨ ᠵᠥᠪᠯᠡᠯ ᠤᠨ 2024 ᠣᠨ ᠤ 6 ᠳ᠋ᠤᠭᠠᠷ  ᠤᠳᠠᠭᠠᠨ ᠤ ᠪᠥᠬᠦᠳᠡ ᠬᠤᠷᠠᠯ ᠵᠢᠴᠢ ᠦᠨᠳᠦᠰᠦᠨ ᠠᠴᠠ ᠨᠢ ᠵᠠᠰᠠᠬᠤ ᠰᠢᠪᠲᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠪᠣᠯᠤᠨ ᠤᠯᠤᠰ ᠲᠥᠷᠥ ᠶᠢᠨ ᠬᠢᠨᠠᠯᠲᠠ ᠲᠠᠯᠪᠢᠬᠤ ᠶᠢ ᠠᠬᠢᠭᠤᠯᠬᠤ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ᠂ ᠬᠤᠰᠢᠭᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠷᠬᠢᠯᠡᠭᠴᠢ ᠴᠢᠶᠣᠤ ᠰᠢᠶᠤᠤ ᠵᠢᠶᠦ᠋ᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠵᠢᠶᠠ ᠬᠠᠢ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠬᠤᠰᠢᠭᠤ ᠳᠡᠳ᠋ ᠳᠠᠷᠤᠭ᠎ᠠ ᠯᠢᠦ ᠰᠢᠶᠣᠤ ᠳ᠋ᠦᠩ ᠬᠤᠷᠠᠯ ᠢ ᠡᠷᠭᠢᠯᠡᠪᠡ᠃        ᠬᠤᠷᠠᠯ ᠳᠤ ᠣᠷᠣᠯᠴᠠᠭᠰᠠᠳ ︽ᠡᠵᠡᠨ ᠬᠤᠷᠤᠭ᠎ᠠ ᠬᠤᠰᠢᠭᠤᠨ ᠤ ᠠᠮᠤᠷ ᠲᠦᠪᠰᠢᠨ ᠤ  ᠰᠡᠷᠡᠮᠵᠢᠯᠡᠬᠦᠯᠤᠯ ᠤᠨ ᠬᠥᠮᠦᠵᠢᠯ ᠤᠨ ᠹᠢᠯᠢᠮ︾᠎ ᠢ ᠦᠵᠡᠵᠦ᠂ ᠬᠤᠷᠠᠯ ᠠᠴᠠ ᠪᠥᠬᠦ ᠬᠤᠰᠢᠭᠤᠨ ᠤ ᠳᠡᠭᠡᠷ᠎ᠡ ᠬᠠᠭᠠᠰ ᠵᠢᠯ ᠤᠨ ᠠᠶᠤᠯᠭᠦᠶ ᠦᠢᠯᠡᠳᠪᠤᠷᠢᠯᠠᠯ ᠤᠨ ᠠᠵᠢᠯ ᠤᠨ ᠪᠠᠶᠢᠳᠠᠯ ᠪᠣᠯᠤᠨ ᠠᠶᠤᠯᠭᠦᠶ  ᠦᠢᠯᠡᠳᠪᠤᠷᠢᠯᠠᠯ ᠤᠨ ᠲᠥᠷᠥ ᠶᠢᠨ ᠪᠣᠳᠣᠯᠭ᠎ᠠ ᠶᠢ ᠬᠢᠨᠠᠨ ᠪᠤᠳᠤᠭᠰᠠᠨ ᠪᠠᠶᠢᠳᠠᠯ ᠢ ᠮᠡᠳᠡᠭᠳᠡᠵᠦ᠂ ᠬᠡᠰᠡᠭ  ᠪᠠᠶᠢᠭᠤᠯᠭ᠎ᠠ ᠨᠢᠭᠡᠴᠢ ᠶᠢᠨ ᠬᠢᠨ ᠣᠪᠣᠷ ᠢᠶᠠᠨ ᠢᠯᠡᠳᠬᠡᠬᠦ ᠦᠭᠡ ᠬᠡᠯᠡᠪᠡ᠃ ᠵᠢᠶᠠ ᠬᠠᠢ ᠵᠢᠶᠦ᠋ᠨ ᠤᠯᠤᠰ ᠲᠦᠷᠦ ᠶᠢᠨ ᠬᠢᠨᠠᠯᠲᠠ ᠲᠠᠯᠪᠢᠬᠤ ᠬᠠᠷᠠᠭᠠᠰᠤ ᠠᠴᠠ ᠠᠶᠤᠯᠭᠦᠢ ᠦᠢᠯᠡᠳᠪᠦᠷᠢᠯᠡᠯ ᠤᠨ ᠠᠵᠢᠯ ᠳᠤ ᠱᠠᠭᠠᠷᠳᠠᠯᠭ᠎ᠠ ᠳᠤᠷᠠᠳᠴᠤ᠂ ᠯᠢᠦ ᠰᠢᠶᠤᠤ ᠳ᠋ᠦᠩ ᠠᠶᠤᠯᠭᠦᠢ ᠦᠢᠯᠡᠳᠪᠦᠷᠢᠯᠡᠯ ᠤᠨ ᠪᠣᠳᠠᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃     ᠴᠢᠶᠣᠤ ᠰᠢᠶᠤᠤ ᠵᠢᠶᠦ᠋ᠨ ᠴᠢᠬᠤᠯᠠᠴᠢᠯᠠᠭᠰᠠᠨ ᠨᠢ᠂ ᠪᠥᠬᠦ ᠬᠤᠰᠢᠭᠤ ᠪᠠᠷ ᠢᠶᠠᠨ ᠡᠷᠴᠢ ᠰᠤᠯᠠᠷᠠᠬᠤ ᠰᠡᠳᠬᠢᠯᠭᠡ ᠪᠠ ᠲᠡᠶᠢᠨ ᠠᠴᠠ ᠬᠠᠯᠠᠰᠢᠷᠠᠬᠤ ᠰᠡᠳᠬᠢᠯᠭᠡ ᠶᠢ ᠢᠯᠡᠨ ᠳᠠᠪᠠᠵᠤ᠂ ᠵᠣᠷᠢᠭ ᠰᠠᠨᠠᠭ᠎ᠠ ᠪᠠᠨ ᠬᠦᠢᠴᠡᠳ ᠪᠠᠳᠠᠷᠠᠭᠤᠯᠤᠨ᠂ ᠦᠷᠭᠦᠯᠵᠢᠯᠡᠨ ᠪᠠᠶᠢᠯᠳᠤᠵᠤ᠂ ᠨᠢᠭᠡ ᠯᠡ ᠠᠮᠢᠰᠬᠤᠭ᠎ᠠ ᠪᠠᠷ ᠬᠢᠵᠦ ᠣᠳᠣᠬᠠᠨ ᠤ ᠠᠶᠤᠯᠭᠦᠶ  ᠦᠢᠯᠡᠳᠪᠤᠷᠢᠯᠠᠯ ᠤᠨ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠢ  ᠰᠢᠢᠳᠪᠤᠷᠢᠯᠠᠨ᠂ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃ ︽ᠳᠥᠷᠪᠡᠨ ᠬᠦᠷᠦᠯᠴᠡᠬᠦ ᠥᠬᠡᠶ ᠲᠠᠯ᠎ᠠ︾᠎ ᠶᠢ ᠲᠣᠳᠣᠷᠬᠠᠶ ᠲᠠᠨᠢᠵᠤ᠂ ᠦᠵᠡᠯ ᠰᠠᠨᠠᠭ᠎ᠠ ᠲᠠᠨᠢᠯᠲᠠ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ᠂ ᠠᠵᠤ ᠠᠬᠤᠶᠢᠯᠠᠯ ᠤᠨ ᠬᠠᠮᠢᠶᠠᠷᠤᠯᠲᠠ ᠶᠢᠨ ᠲᠦᠪᠰᠢᠨ ᠵᠡᠷᠭᠡ ᠲᠠᠯ᠎ᠠ ᠪᠠᠷ ᠬᠢ ᠬᠦᠷᠦᠯᠴᠡᠬᠦ ᠥᠬᠡᠶ ᠲᠠᠯ᠎ᠠ ᠶᠢ ᠭᠦᠨᠵᠡᠭᠡᠶ ᠵᠠᠳᠠᠯᠵᠤ᠂ ᠴᠢᠩᠭ᠎ᠠ ᠠᠴᠠ ᠴᠢᠩᠭ᠎ᠠ᠂  ᠨᠠᠷᠢᠯᠢᠭ ᠠᠴᠠ  ᠨᠠᠷᠢᠯᠢᠭ᠂ ᠪᠣᠳᠠᠲᠠᠶ ᠠᠴᠠ ᠪᠣᠳᠠᠲᠠᠶ ᠪᠠᠶᠢᠬᠤ ᠰᠤᠷᠲᠠᠯ ᠪᠠ ᠠᠷᠭ᠎ᠠ ᠬᠡᠮᠵᠢᠶ᠎ᠡ ᠪᠠᠷ ᠠᠮᠤᠷ ᠲᠦᠪᠰᠢᠨ ᠎ ᠢ ᠳᠡᠭᠡᠭᠰᠢᠯᠡᠭᠦᠯᠬᠦ ᠬᠡᠷᠡᠭᠲᠡᠶ᠃ ︽ᠲᠦᠷᠪᠡᠨ ᠳᠤᠲᠠᠭᠤᠳᠠᠯ︾᠎ ᠢ ᠨᠥᠬᠦᠪᠥᠷᠢᠯᠡᠵᠦ᠂ ᠠᠮᠤᠷ ᠲᠦᠪᠰᠢᠨ ᠤ ᠬᠠᠷᠢᠭᠤᠴᠠᠯᠭ᠎ᠠ᠂ ᠲᠦᠷᠢᠮ ᠲᠣᠭᠲᠠᠴᠠ᠂ ᠬᠠᠲᠠᠭᠤ ᠲᠤᠨᠤᠭ ᠲᠥᠬᠦᠭᠡᠷᠦᠮᠵᠢ᠂ ᠠᠵᠤ ᠠᠬᠤᠶᠢᠯᠠᠯ ᠤᠨ ᠬᠠᠮᠢᠶᠠᠷᠤᠯᠲᠠ ᠵᠡᠷᠭᠡ ᠲᠠᠯ᠎ᠠ ᠶᠢᠨ ᠲᠣᠭᠤᠷᠢᠨ ᠳᠤ ᠬᠠᠲᠠᠭᠤ ᠠᠷᠭ᠎ᠠ  ᠬᠡᠮᠵᠢᠶ᠎ᠡ ᠠᠪᠴᠤ᠂ ᠨᠢᠭᠡᠳ ᠨᠢᠭᠡ ᠪᠠᠷ ᠳᠤᠲᠠᠭᠤᠳᠠᠯ ᠢᠶᠠᠨ ᠨᠥᠬᠦᠪᠥᠷᠢᠯᠡᠬᠦ ᠬᠡᠷᠡᠭᠲᠡᠢ᠃ ︽ᠲᠦᠷᠪᠡᠨ ᠪᠠᠭᠤᠷᠠᠢ ᠵᠦᠢᠯ︾᠎ ᠢ ᠴᠢᠩᠭᠠᠳᠬᠠᠵᠤ᠂ ᠠᠵᠢᠯᠳᠠᠨ ᠤ ᠪᠣᠯᠪᠠᠰᠤᠷᠠᠯ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢᠨ ᠲᠣᠭᠤᠷᠢᠨ ᠳᠤ᠂ ᠵᠢᠵᠢᠭᠦᠷ ᠳᠠᠭᠠᠭᠤᠯᠤᠨ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ︽ᠭᠡᠮ ᠰᠣᠭᠤᠭ ᠢ ᠠᠷᠢᠯᠭᠠᠬᠤ ᠪᠣᠭᠤᠮᠲᠠ ᠰᠢᠪᠲᠤᠯᠬᠤ︾ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠰᠠᠶᠢᠲᠤᠷ ᠥᠷᠨᠢᠭᠦᠯᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ︽ᠲᠦᠷᠪᠡ ᠶᠢ ᠨᠠᠶᠢᠳᠠᠪᠤᠷᠢᠵᠢᠭᠤᠯᠬᠤ︾᠎ ᠶᠢ ᠰᠠᠶᠢᠲᠤᠷ ᠠᠳᠬᠤᠵᠤ᠂ ᠲᠣᠭᠲᠠᠴᠠ ᠶᠢᠨ ᠬᠡᠷᠡᠭᠵᠢᠭᠦᠯᠦᠯᠲᠡ᠂ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ᠂ ᠤᠬᠠᠭᠤᠯᠭ᠎ᠠ ᠬᠥᠮᠦᠵᠢᠯ᠂ ᠰᠠᠬᠢᠯᠭ᠎ᠠ ᠪᠠᠲᠤ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠵᠡᠷᠭᠡ ᠲᠠᠯ᠎ᠠ ᠪᠠᠷ ︽ᠬᠠᠮ ᠠᠷᠭ᠎ᠠ ᠬᠡᠮᠵᠢᠶ᠎ᠡ︾᠎ ᠶᠢ ᠦᠷᠭᠦᠯᠵᠢᠯᠡᠨ ᠬᠡᠷᠡᠭᠵᠢᠭᠦᠯᠵᠦ᠂ ᠠᠮᠤᠷ ᠲᠦᠪᠰᠢᠨ ᠤ ᠪᠠᠶᠢᠳᠠᠯ ᠤᠨ ᠲᠣᠭᠲᠠᠭᠤᠨ ᠢᠶᠠᠷ ᠰᠠᠶᠢᠵᠢᠷᠠᠬᠤ ᠶᠢ ᠪᠠᠲᠤᠯᠠᠬᠤ ᠬᠡᠷᠡᠭᠲᠡᠢ  ᠬᠡᠰᠡᠨ ᠪᠠᠶᠢᠨ᠎ᠠ᠃       ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠬᠤᠰᠢᠭᠤ ᠲᠠᠳ᠋ ᠳᠠᠷᠤᠭ᠎ᠠ᠂ ᠬᠤᠰᠢᠭᠤᠨ ᠤ ᠠᠶᠤᠯᠭᠦᠶ ᠦᠢᠯᠡᠳᠪᠤᠷᠢᠯᠠᠯ ᠤᠨ ᠵᠥᠪᠯᠡᠯ ᠤᠨ ᠡᠯ᠎ᠡ ᠪᠦᠷᠢᠯᠳᠦᠬᠦᠨ ᠪᠠᠶᠢᠭᠤᠯᠭ᠎ᠠ ᠨᠢᠭᠡᠴᠢ ᠵᠢᠴᠢ ᠭᠤᠤᠯᠳᠠᠯᠭ᠎ᠠ ᠲᠠᠢ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃         
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ