6 ᠰᠠᠷ᠎ᠠ ᠶᠢᠨ 24 ᠤ ᠡᠳᠦᠷ᠂ ᠪᠦᠭᠦ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠬᠤᠷᠠᠯ᠂ ᠤᠯᠤᠰ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠥᠬᠢᠭᠦᠯᠦᠨ ᠱᠠᠩᠨᠠᠬᠤ ᠶᠡᠭᠡ ᠬᠤᠷᠠᠯ᠂ ᠬᠤᠶᠠᠷ ᠬᠦᠷᠢᠶᠡᠯᠡᠩ ᠤᠨ ᠠᠺᠠᠳᠧᠮᠢᠴᠢ ᠶᠢᠨ ᠶᠡᠭᠡ ᠬᠤᠷᠠᠯ ᠪᠡᠭᠡᠵᠢᠩ ᠳᠤ ᠬᠤᠷᠠᠯᠳᠤᠪᠠ᠃ | 2023 ᠣᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠤᠨ ᠡᠯ᠎ᠡ ᠵᠦᠢᠯ ᠤᠨ ᠱᠠᠩᠨᠠᠯ ᠭᠥᠷᠳᠡᠭᠰᠡᠨ ᠨᠡᠷᠡᠰ ᠢ ᠨᠡᠶᠢᠲᠡᠯᠡᠵᠦ᠂ ᠥᠪᠥᠷ | ᠮᠣᠩᠭᠤᠯ ᠤᠨ ᠨᠡᠷ᠎ᠡ ᠳᠤᠷᠠᠳᠤᠭᠳᠠᠭᠰᠠᠨ 2 ᠵᠦᠢᠯ ᠤᠨ ᠦᠷ᠎ᠡ ᠪᠦᠲᠦᠭᠡᠯ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠬᠤᠶᠠᠳᠤᠭᠠᠷ | ᠳᠡᠰ ᠤᠨ ᠱᠠᠩᠨᠠᠯ ᠢ ᠭᠦᠷᠳᠡᠪᠡ᠂ ᠲᠤᠰ ᠬᠤᠶᠠᠷ ᠵᠦᠢᠯ ᠤᠨ ᠦᠷ᠎ᠡ ᠪᠦᠲᠦᠭᠡᠯ ᠪᠣᠯ ᠲᠤᠰ ᠲᠤᠰ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ | ᠵᠠᠩ ᠾᠧ ᠫᠢᠩ ᠫᠷᠤᠹᠧᠰᠰᠤᠷ ᠤᠨ ᠡᠷᠭᠢᠯᠡᠨ ᠪᠡᠶᠡᠯᠡᠭᠦᠯᠦᠭᠰᠡᠨ ︽ᠰᠢᠯᠢᠳᠡᠭ ᠰᠠᠶᠢᠨ ᠰᠦᠨ ᠬᠦᠴᠢᠯ ᠤᠨ ᠪᠠᠺᠲ᠋ᠧᠷᠢ ᠶᠢᠨ ᠦᠷ᠎ᠡ ᠡᠳ᠋ ᠤᠨ ᠡᠬᠢ ᠪᠠᠶᠠᠯᠢᠭ ᠢ | ᠠᠭᠤᠳᠠᠯᠬᠤ ᠪᠠ ᠠᠵᠤ ᠦᠢᠯᠡᠰᠵᠢᠭᠦᠯᠬᠦ ᠵᠠᠩᠭᠢᠯᠠᠭ᠎ᠠ ᠶᠢᠨ ᠮᠡᠷᠭᠡᠵᠢᠯ ᠤᠨ ᠡᠭᠦᠳᠦᠯᠲᠡ ᠵᠢᠴᠢ ᠬᠡᠷᠡᠭᠯᠡᠭᠡᠨ︾ ᠤ ᠲᠥᠷᠥᠯ ᠵᠦᠢᠯ ᠪᠠ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠤᠳᠤᠯᠤᠭᠴᠢ ᠯᠦ ᠵᠠᠨ ᠶᠤᠸᠠᠨ ᠤ ᠡᠷᠭᠢᠯᠡᠨ | ᠪᠡᠶᠡᠯᠡᠭᠦᠯᠦᠭᠰᠡᠨ ︽ᠤᠮᠠᠷᠠᠲᠤ ᠶᠢᠨ ᠲᠠᠷᠢᠶᠠᠯᠠᠩ ᠮᠠᠯ ᠠᠵᠤ ᠠᠬᠤᠢ ᠰᠣᠯᠪᠢᠴᠠᠭᠰᠠᠨ ᠣᠷᠣᠨ ᠤ ᠰᠠᠯᠬᠢᠨ ᠳᠤ ᠢᠳᠡᠭᠳᠡᠵᠦ ᠮᠠᠭᠤᠳᠠᠭᠰᠠᠨ ᠲᠠᠷᠢᠶᠠᠨ ᠭᠠᠵᠠᠷ ᠤᠨ | ᠬᠦᠴᠦ ᠶᠢ ᠪᠣᠶᠢᠵᠢᠭᠤᠯᠬᠤ ᠵᠠᠩᠭᠢᠯᠠᠭ᠎ᠠ ᠶᠢᠨ ᠮᠡᠷᠭᠡᠵᠢᠯ ᠬᠢᠭᠡᠳ ᠬᠡᠷᠡᠭᠯᠡᠭᠡᠨ︾ ᠤ ᠲᠥᠷᠥᠯ ᠵᠦᠢᠯ ᠪᠣᠯᠣᠨ᠎ᠠ᠃ | ᠵᠠᠩ ᠾᠧ ᠫᠢᠩ ᠤᠨ ᠡᠷᠭᠢᠯᠡᠭᠰᠡᠨ ︽ᠰᠢᠯᠢᠳᠡᠭ ᠰᠦᠨ ᠬᠦᠴᠢᠯ ᠤᠨ ᠪᠠᠺᠲ᠋ᠧᠷᠢ ᠶᠢᠨ ᠦᠷ᠎ᠡ ᠡᠳ᠋ ᠤᠨ ᠡᠬᠢ ᠪᠠᠶᠠᠯᠢᠭ ᠢ ᠠᠭᠤᠳᠠᠯᠬᠤ ᠪᠠ ᠠᠵᠤ | ᠦᠢᠯᠡᠰᠵᠢᠭᠦᠯᠬᠦ ᠵᠠᠩᠭᠢᠯᠠᠭ᠎ᠠ ᠶᠢᠨ ᠮᠡᠷᠭᠡᠵᠢᠯ ᠤᠨ ᠡᠭᠦᠳᠦᠯᠲᠡ ᠵᠢᠴᠢ ᠬᠡᠷᠡᠭᠯᠡᠭᠡᠨ︾ ᠤ ᠲᠥᠷᠥᠯ ᠵᠦᠢᠯ ᠨᠢ 30 ᠭᠠᠷᠤᠢ ᠵᠢᠯ ᠤᠨ ᠰᠤᠳᠤᠯᠭᠠᠨ ᠢ ᠥᠩᠭᠡᠷᠡᠭᠡᠭᠡᠳ᠂ | ᠪᠦᠭᠦ ᠪᠥᠮᠪᠥᠷᠴᠡᠭ ᠤᠨ ᠬᠠᠮᠤᠭ ᠤᠨ ᠶᠡᠭᠡ ᠰᠦᠨ ᠬᠦᠴᠢᠯ ᠤᠨ ᠪᠠᠺᠲ᠋ᠧᠷᠢ ᠶᠢᠨ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠪᠣᠯᠣᠨ ᠭᠧᠨ ᠤ ᠪᠦᠯᠦᠭ ᠤᠨ | ᠳ᠋ᠠᠶᠢᠲ᠋ᠠ ᠬᠥᠮᠥᠷᠭᠡ ᠶᠢ ᠪᠠᠶᠢᠭᠤᠯᠵᠤ᠂ 51286 ᠰᠦᠨ ᠬᠦᠴᠢᠯ ᠤᠨ ᠪᠠᠺᠲ᠋ᠧᠷᠢ ᠶᠢ ᠬᠠᠳᠠᠭᠠᠯᠠᠵᠠᠢ᠃ ᠵᠣᠬᠢᠶᠠᠮᠠᠯ ᠣᠶᠤᠨ ᠴᠢᠳᠠᠪᠤᠷᠢ ᠳᠤ ᠰᠠᠭᠤᠷᠢᠯᠠᠭᠰᠠᠨ ᠳᠡᠭᠡᠳᠦ | ᠨᠡᠪᠳᠡᠷᠡᠴᠡᠳᠤ ᠨᠠᠷᠢᠯᠢᠭ ᠣᠨᠣᠴᠠᠲᠠᠢ ᠰᠢᠭᠰᠢᠨ ᠰᠣᠩᠭᠤᠬᠤ ᠮᠡᠷᠭᠡᠵᠢᠯ ᠢ ᠡᠭᠦᠳᠴᠦ᠂ ᠰᠢᠯᠢᠳᠡᠭ ᠰᠠᠶᠢᠨ ᠥᠪᠡᠷᠮᠢᠴᠡ ᠣᠨᠴᠠᠯᠢᠭᠲᠤ ᠰᠦᠨ ᠬᠦᠴᠢᠯ ᠤᠨ | ᠪᠠᠺᠲ᠋ᠧᠷᠢ ᠶᠢ 104 ᠰᠢᠭᠰᠢᠨ ᠭᠠᠷᠭᠠᠵᠤ᠂ ᠮᠠᠨ ᠤ ᠤᠯᠤᠰ ᠤᠨ ᠰᠦᠨ ᠬᠦᠴᠢᠯ ᠤᠨ ᠪᠠᠺᠲ᠋ᠧᠷᠢ ᠶᠢᠨ ᠦᠷ᠎ᠡ ᠶᠢ ᠥᠪᠡᠷ ᠢᠶᠠᠨ ᠥᠮᠴᠢᠯᠡᠬᠦ ᠶᠢ ᠪᠡᠶᠡᠯᠡᠭᠦᠯᠪᠡ᠃ | ᠰᠦᠨ ᠬᠦᠴᠢᠯ ᠤᠨ ᠪᠠᠺᠲ᠋ᠧᠷᠢ ᠶᠢᠨ ᠰᠣᠯᠢᠯᠴᠠᠭ᠎ᠠ ᠶᠢ ᠲᠣᠬᠢᠷᠠᠭᠤᠯᠤᠨ ᠬᠥᠮᠥᠵᠢᠭᠦᠯᠬᠦ ᠪᠠ ᠡᠰ ᠤᠨ ᠭᠡᠮᠲᠦᠯ ᠢ ᠬᠠᠮᠠᠭᠠᠯᠠᠬᠤ ᠢᠨᠵᠧᠨᠧᠷᠢᠩ ᠤᠨ ᠮᠡᠷᠭᠡᠵᠢᠯ ᠢ | ᠰᠢᠪᠲᠤᠯᠵᠤ᠂ ᠤᠯᠤᠰ ᠤᠨ ᠳᠣᠲᠣᠭᠠᠳᠤ ᠶᠢᠨ ᠬᠠᠮᠤᠭ ᠤᠨ ᠶᠡᠭᠡ ᠲᠦᠭᠦᠬᠡᠢ ᠮᠠᠲ᠋ᠧᠷᠢᠶᠠᠯ ᠤᠨ ᠪᠠᠺᠲ᠋ᠧᠷᠢ ᠶᠢᠨ ᠨᠤᠨᠳᠠᠭ ᠤᠨ ᠦᠢᠯᠡᠳᠪᠦᠷᠢᠯᠡᠯ ᠤᠨ ᠰᠠᠭᠤᠷᠢᠨ ᠢ | ᠡᠭᠦᠳᠦᠨ ᠪᠠᠶᠢᠭᠤᠯᠵᠤ᠂ ᠳᠤᠮᠳᠠᠳᠤ ᠤᠯᠤᠰ ᠤᠨ ᠰᠦᠨ ᠬᠦᠴᠢᠯ ᠤᠨ ᠪᠠᠺᠲ᠋ᠧᠷᠢ ᠶᠢᠨ ᠠᠵᠤ ᠦᠢᠯᠡᠰ ᠤᠨ ᠠᠩᠬᠠᠳᠠᠭᠴᠢ ᠰᠲ᠋ᠣᠺ ᠢ ᠪᠤᠶ ᠪᠣᠯᠭᠠᠪᠠ᠃ | ᠪᠠᠺᠲ᠋ᠧᠷᠢ ᠶᠢᠨ ᠰᠠᠭᠤᠷᠢ ᠶᠢᠨ ᠥᠨᠳᠥᠷ ᠪᠦᠲᠦᠮᠵᠢᠲᠡᠶ ᠬᠠᠷᠢᠯᠴᠠᠨ ᠦᠢᠯᠡᠴᠢᠯᠡᠬᠦ ᠪᠠ ᠨᠠᠷᠢᠯᠢᠭ ᠣᠨᠣᠴᠠᠲᠠᠢ ᠪᠠᠷ ᠡᠮ ᠨᠠᠶᠢᠷᠠᠭᠤᠯᠬᠤ ᠵᠠᠩᠭᠢᠯᠠᠭ᠎ᠠ ᠶᠢᠨ ᠮᠡᠷᠭᠡᠵᠢᠯ ᠢ | ᠡᠭᠦᠳᠴᠦ᠂ ᠰᠦᠨ ᠬᠦᠴᠢᠯ ᠤᠨ ᠪᠠᠺᠲ᠋ᠧᠷᠢ ᠶᠢ ᠡᠮ ᠨᠠᠶᠢᠷᠠᠬᠤ᠂ ᠴᠠᠭᠠᠨ ᠢᠳᠡᠭᠡ ᠪᠤᠯᠪᠠᠰᠤᠷᠠᠭᠤᠯᠬᠤ ᠪᠠ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠳᠤ | ᠪᠦᠲᠦᠭᠡᠯᠴᠢ ᠪᠠᠷ ᠬᠡᠷᠡᠭᠯᠡᠬᠦ ᠶᠢ ᠪᠡᠶᠡᠯᠡᠭᠦᠯᠪᠡ᠃ ᠣᠶᠢᠷ᠎ᠠ ᠶᠢᠨ 3 ᠵᠢᠯ ᠳᠤ ᠭᠤᠣᠯᠳᠠᠯᠭ᠎ᠠ ᠲᠠᠢ ᠬᠡᠷᠡᠭᠯᠡᠭᠰᠡᠨ ᠠᠵᠤ ᠠᠬᠤᠶᠢᠯᠠᠯ 175.42 ᠳ᠋ᠦᠩᠰᠢᠭᠤᠷ | ᠲᠥᠭᠦᠷᠢᠭ ᠤᠨ ᠦᠷ᠎ᠡ ᠠᠰᠢᠭ ᠣᠯᠵᠤ᠂ ᠭᠠᠳᠠᠭᠠᠳᠤ ᠶᠢᠨ ᠪᠠᠺᠲ᠋ᠧᠷᠢ ᠶᠢᠨ ᠰᠠᠭᠤᠷᠢ᠂ ᠮᠡᠷᠭᠡᠵᠢᠯ ᠪᠣᠯᠣᠨ ᠦᠢᠯᠡᠳᠬᠦᠨ ᠤ ᠭᠠᠭᠴᠠᠭᠠᠷ ᠡᠵᠡᠮᠰᠢᠯ ᠢ ᠡᠪᠳᠡᠵᠦ᠂ | ᠮᠠᠨ ᠤ ᠤᠯᠤᠰ ᠤᠨ ᠰᠦᠨ ᠬᠦᠴᠢᠯ ᠤᠨ ᠪᠠᠺᠲ᠋ᠧᠷᠢ ᠤᠷᠲᠤ ᠬᠤᠭᠤᠴᠠᠭ᠎ᠠ ᠪᠠᠷ ᠬᠥᠮᠥᠨ ᠳᠤ ᠬᠢᠵᠠᠭᠠᠷᠯᠠᠭᠳᠠᠵᠤ ᠪᠠᠶᠢᠭᠰᠠᠨ ᠪᠠᠶᠢᠳᠠᠯ ᠢ ᠬᠤᠪᠢᠷᠠᠭᠤᠯᠪᠠ᠃ | ᠯᠦ ᠵᠠᠨ ᠶᠤᠸᠠᠨ ᠤ ᠡᠷᠭᠢᠯᠡᠭᠰᠡᠨ ︽ᠤᠮᠠᠷᠠᠲᠤ ᠶᠢᠨ ᠲᠠᠷᠢᠶᠠᠯᠠᠩ ᠮᠠᠯ ᠠᠵᠤ ᠠᠬᠤᠢ ᠰᠣᠯᠪᠢᠴᠠᠭᠰᠠᠨ ᠣᠷᠣᠨ ᠤ ᠰᠠᠯᠬᠢᠨ ᠳᠤ ᠢᠳᠡᠭᠳᠡᠵᠦ ᠮᠠᠭᠤᠳᠠᠭᠰᠠᠨ | ᠲᠠᠷᠢᠶᠠᠨ ᠭᠠᠵᠠᠷ ᠤᠨ ᠭᠠᠵᠠᠷ ᠤᠨ ᠬᠦᠴᠦ ᠶᠢ ᠪᠣᠶᠢᠵᠢᠭᠤᠯᠬᠤ ᠵᠠᠩᠭᠢᠯᠠᠭ᠎ᠠ ᠶᠢᠨ ᠮᠡᠷᠭᠡᠵᠢᠯ ᠬᠢᠭᠡᠳ ᠬᠡᠷᠡᠭᠯᠡᠭᠡᠨ︾ ᠤ ᠲᠥᠷᠥᠯ ᠵᠦᠢᠯ ᠨᠢ ᠮᠠᠨ ᠤ ᠤᠯᠤᠰ ᠤᠨ | ᠤᠮᠠᠷᠠᠲᠤ ᠶᠢᠨ ᠲᠠᠷᠢᠶᠠᠯᠠᠩ ᠮᠠᠯ ᠠᠵᠤ ᠠᠬᠤᠢ ᠰᠣᠯᠪᠢᠴᠠᠭᠰᠠᠨ ᠣᠷᠣᠨ ᠤ ᠲᠠᠷᠢᠶᠠᠨ ᠭᠠᠵᠠᠷ ᠤᠨ ᠰᠠᠯᠬᠢᠨ ᠳᠤ ᠢᠳᠡᠭᠳᠡᠵᠦ ᠮᠠᠭᠤᠳᠠᠭᠰᠠᠨ ᠪᠠ ᠦᠢᠯᠡᠳᠪᠦᠷᠢᠯᠡᠯ ᠤᠨ | ᠴᠢᠳᠠᠪᠤᠷᠢ ᠪᠠᠭᠤᠷᠠᠭᠰᠠᠨ ᠵᠡᠷᠭᠡ ᠴᠢᠬᠤᠯᠠ ᠶᠡᠭᠡ ᠰᠢᠨᠵᠢᠯᠡᠬᠦ ᠤᠬᠠᠭᠠᠨ ᠤ ᠠᠰᠠᠭᠤᠳᠠᠯ ᠳᠤ ᠴᠢᠭᠯᠡᠭᠦᠯᠦᠨ᠂ ᠲᠠᠷᠢᠶᠠᠨ ᠭᠠᠵᠠᠷ ᠤᠨ ᠰᠠᠯᠬᠢᠨ ᠳᠤ ᠢᠳᠡᠭᠳᠡᠵᠦ | ᠮᠠᠭᠤᠳᠠᠭᠰᠠᠨ ᠵᠢᠮ᠎ᠡ ᠬᠠᠤᠯᠢ ᠶᠢ ᠢᠯᠡᠷᠡᠭᠦᠯᠵᠦ᠂ ᠣᠯᠠᠨ ᠠᠷᠭ᠎ᠠ ᠭᠡᠯᠪᠡᠷᠢ ᠪᠠᠷ ᠰᠠᠯᠬᠢ ᠶᠢ ᠬᠤᠷᠢᠭᠯᠠᠵᠤ ᠰᠠᠯᠬᠢᠨ ᠳᠤ ᠢᠳᠡᠭᠳᠡᠬᠦ ᠶᠢ ᠬᠢᠵᠠᠭᠠᠷᠯᠠᠬᠤ ᠵᠠᠩᠭᠢᠯᠠᠭ᠎ᠠ ᠶᠢᠨ | ᠮᠡᠷᠭᠡᠵᠢᠯ ᠢ ᠰᠢᠪᠲᠤᠯᠵᠤ᠂ ᠲᠠᠷᠢᠶᠠᠨ ᠭᠠᠵᠠᠷ ᠤᠨ ᠭᠠᠵᠠᠷ ᠤᠨ ᠬᠦᠴᠦ ᠡᠪᠳᠡᠭᠳᠡᠬᠦ ᠶᠢ ᠵᠣᠭᠰᠤᠭᠠᠬᠤ ᠰᠢᠨ᠎ᠡ ᠰᠢᠪᠲᠤᠯᠤᠯᠲᠠ ᠶᠢ ᠪᠡᠶᠡᠯᠡᠭᠦᠯᠪᠡ︔ᠣᠯᠠᠨ ᠠᠷᠭ᠎ᠠ | ᠵᠠᠮ ᠢᠶᠠᠷ ᠭᠠᠵᠠᠷ ᠤᠨ ᠬᠦᠴᠦ ᠶᠢ ᠬᠠᠨᠳᠤᠯᠭ᠎ᠠ ᠲᠠᠢ ᠪᠠᠷ ᠪᠣᠶᠢᠵᠢᠭᠤᠯᠬᠤ ᠵᠠᠩᠭᠢᠯᠠᠭ᠎ᠠ ᠶᠢᠨ ᠮᠡᠷᠭᠡᠵᠢᠯ ᠪᠠ ᠰᠡᠯᠭᠦᠨ ᠳᠠᠷᠢᠵᠦ ᠬᠥᠷᠥᠰᠥ ᠰᠢᠷᠣᠢ ᠶᠢ ᠰᠢᠮᠡᠵᠢᠭᠦᠯᠬᠦ | ᠰᠢᠨ᠎ᠡ ᠳᠦᠷᠢᠮ ᠢ ᠡᠭᠦᠳᠦᠨ ᠪᠠᠶᠢᠭᠤᠯᠵᠤ᠂ ᠰᠠᠯᠬᠢᠨ ᠳᠤ ᠢᠳᠡᠭᠳᠡᠵᠦ ᠮᠠᠭᠤᠳᠠᠭᠰᠠᠨ ᠲᠠᠷᠢᠶᠠᠨ ᠭᠠᠵᠠᠷ ᠤᠨ ︽ᠬᠡᠷᠡᠭᠯᠡᠬᠦ᠂ ᠠᠷᠠᠴᠢᠯᠠᠬᠤ︾ ᠲᠡᠩᠴᠡᠭᠦᠷᠢ ᠪᠠᠨ | ᠠᠯᠳᠠᠭᠰᠠᠨ ᠬᠦᠴᠢᠷ ᠠᠰᠠᠭᠤᠳᠠᠯ ᠢ ᠰᠢᠶᠳᠪᠦᠷᠢᠯᠡᠪᠡ︔ ᠠᠳᠠᠯᠢ ᠪᠤᠰᠤ ᠲᠠᠰ ᠤᠨ ᠮᠠᠭᠤᠳᠠᠭᠰᠠᠨ ᠲᠠᠷᠢᠶᠠᠨ ᠭᠠᠵᠠᠷ ᠤᠨ ᠭᠠᠵᠠᠷ ᠤᠨ ᠬᠦᠴᠦᠨ ᠢ ᠪᠣᠶᠢᠵᠢᠭᠤᠯᠬᠤ ᠪᠠ | ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠭᠦ ᠮᠡᠷᠭᠡᠵᠢᠯ ᠤᠨ ᠵᠠᠭᠪᠤᠷ ᠢ ᠲᠥᠪᠯᠡᠷᠡᠭᠦᠯᠦᠨ ᠡᠭᠦᠳᠦᠨ ᠪᠠᠶᠢᠭᠤᠯᠪᠠ᠃ ᠰᠤᠳᠤᠯᠭᠠᠨ ᠤ ᠦᠷ᠎ᠡ ᠪᠦᠲᠦᠭᠡᠯ ᠢ | ᠨᠡᠶᠢᠲᠡ 2 ᠳ᠋ᠦᠩᠰᠢᠭᠤᠷ ᠭᠠᠷᠤᠢ ᠮᠦ ᠳᠤ ᠳᠡᠯᠭᠡᠷᠡᠭᠦᠯᠵᠦ᠂ ᠠᠮᠤ ᠪᠤᠳᠠᠭᠠᠨ ᠤ ᠤᠨᠠᠯᠲᠠ ᠶᠢ 200 ᠭᠠᠷᠤᠢ ᠳ᠋ᠦᠩᠰᠢᠭᠤᠷ ᠵᠢᠩ ᠨᠡᠮᠡᠭᠳᠡᠭᠦᠯᠵᠦ᠂ ᠣᠷᠣᠯᠭ᠎ᠠ ᠶᠢ | ᠨᠡᠮᠡᠭᠳᠡᠭᠦᠯᠦᠨ ᠵᠠᠷᠤᠯᠭ᠎ᠠ ᠶᠢ ᠠᠷᠪᠢᠯᠠᠭᠰᠠᠨ ᠬᠡᠮᠵᠢᠶ᠎ᠡ ᠨᠢ 230 ᠭᠠᠷᠤᠢ ᠳ᠋ᠦᠩᠰᠢᠭᠤᠷ ᠲᠥᠭᠦᠷᠢᠭ ᠲᠤ ᠬᠦᠷᠴᠦ᠂ ᠮᠠᠨ ᠤ ᠤᠯᠤᠰ ᠤᠨ ᠤᠮᠠᠷᠠᠲᠤ ᠶᠢᠨ ᠲᠠᠷᠢᠶᠠᠯᠠᠩ | ᠮᠠᠯ ᠠᠵᠤ ᠠᠬᠤᠢ ᠰᠣᠯᠪᠢᠴᠠᠭᠰᠠᠨ ᠣᠷᠣᠨ ᠤ ᠮᠠᠭᠤᠳᠠᠭᠰᠠᠨ ᠲᠠᠷᠢᠶᠠᠨ ᠭᠠᠵᠠᠷ ᠢ ᠵᠠᠰᠠᠬᠤ ᠪᠠ ᠭᠠᠵᠠᠷ ᠤᠨ ᠬᠦᠴᠦ ᠶᠢ ᠪᠣᠶᠢᠵᠢᠭᠤᠯᠬᠤ ᠶᠢ ᠠᠬᠢᠭᠤᠯᠬᠤ ᠳᠤ | ᠴᠢᠬᠤᠯᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠬᠠᠩᠭᠠᠪᠠ᠃ | ᠡᠭᠦᠨ ᠤ ᠬᠠᠮᠲᠤ᠂ ᠮᠠᠨ ᠤ ᠣᠷᠣᠨ ᠤ ᠶᠢᠨ ᠢᠦᠢ ᠪᠦᠦ ᠯᠢᠩ ᠠᠮᠢᠳᠤ ᠪᠣᠳᠠᠰ ᠤᠨ ᠡᠮ ᠤᠨ ᠬᠢᠵᠠᠭᠠᠷᠲᠤ ᠺᠤᠮᠫᠠᠨᠢ ᠶᠢᠨ ᠣᠷᠣᠯᠴᠠᠬᠰᠠᠨ ︽ᠭᠠᠭ᠋ᠠᠢ ᠳᠤ | ᠬᠡᠷᠡᠭᠯᠡᠬᠦ ᠳᠠᠭᠢᠨ ᠨᠡᠶᠢᠯᠡᠭᠦᠯᠦᠭᠰᠡᠨ ᠰᠢᠯᠦᠬᠡᠢ ᠡᠪᠡᠳᠴᠢᠨ ᠤ 0 ᠭᠡᠯᠪᠡᠷᠢ᠂ A ᠭᠡᠯᠪᠡᠷᠢ ᠶᠢᠨ ᠬᠤᠶᠠᠷ ᠸᠠᠯᠧᠨ᠋ᠲᠳᠤ ᠢᠳᠡᠪᠬᠢ ᠥᠭᠡᠶᠢᠵᠢᠭᠦᠯᠦᠭᠰᠡᠨ ᠸᠠᠺᠼᠢᠨ ᠤ | ᠡᠭᠦᠳᠦᠯᠲᠡ ᠪᠠ ᠬᠡᠷᠡᠭᠯᠡᠭᠡᠨ︾ ᠤ ᠲᠥᠷᠥᠯ ᠵᠦᠢᠯ ᠤᠯᠤᠰ ᠤᠨ ᠮᠡᠷᠭᠡᠵᠢᠯ ᠤᠨ ᠡᠭᠦᠳᠦᠯᠲᠡ ᠶᠢᠨ ᠬᠤᠶᠠᠳᠤᠭᠠᠷ ᠳᠡᠰ ᠤᠨ ᠱᠠᠩᠨᠠᠯ ᠢ ᠭᠦᠷᠳᠡᠪᠡ︔ ᠥᠪᠦᠷ | ᠮᠣᠩᠭᠤᠯ ᠤᠨ ᠰᠠᠢ ᠹᠧᠢ ᠶᠠ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠬᠤᠪᠢᠴᠠᠭᠠᠲᠤ ᠬᠢᠵᠠᠭᠠᠷᠲᠤ ᠺᠤᠮᠫᠠᠨᠢ ᠶᠢᠨ | ᠣᠷᠣᠯᠴᠠᠬᠰᠠᠨ ︽ᠮᠢᠬᠠᠨ ᠤ ᠨᠤᠭᠤᠰᠤ ᠶᠢᠨ ᠥᠨᠳᠥᠷ ᠪᠦᠲᠦᠮᠵᠢᠲᠡᠢ ᠡᠭᠦᠯᠳᠡᠷ ᠪᠣᠶᠢᠵᠢᠭᠤᠯᠬᠤ ᠮᠡᠷᠭᠡᠵᠢᠯ ᠢ ᠡᠭᠦᠳᠦᠨ ᠪᠠᠶᠢᠭᠤᠯᠬᠤ ᠪᠠ ᠰᠢᠨ᠎ᠡ ᠡᠭᠦᠯᠳᠡᠷ ᠢ | ᠪᠣᠶᠢᠵᠢᠭᠤᠯᠬᠤ ᠵᠢᠴᠢ ᠠᠵᠤ ᠦᠢᠯᠡᠰᠵᠢᠭᠦᠯᠬᠦ︾ ᠲᠥᠷᠥᠯ ᠵᠦᠢᠯ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠬᠤᠶᠠᠳᠤᠭᠠᠷ | ᠳᠡᠰ ᠤᠨ ᠱᠠᠩᠨᠠᠯ ᠢ ᠭᠦᠷᠲᠡᠪᠡ᠃ | | |