ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠤᠭᠤᠴᠠᠭᠠᠨ ᠳᠤ ᠡᠵᠡᠨ ᠬᠤᠷᠤᠭ᠎ᠠ ᠬᠤᠰᠢᠭᠤ ᠲᠤᠤᠷᠠᠬᠢ ᠵᠠᠮ ᠤᠨ ᠭᠡᠰᠡᠭ ᠲᠤ ᠲᠦᠷ ᠴᠠᠭ ᠤᠨ ᠵᠠᠮ ᠬᠠᠷᠢᠯᠴᠠᠭᠠᠨ ᠤ ᠬᠠᠮᠢᠶᠠᠷᠤᠨ ᠡᠵᠡᠮᠳᠡᠬᠦ ᠠᠷᠭ᠎ᠠ ᠭᠡᠮᠵᠢᠶ᠎ᠡ ᠠᠪᠤᠨ᠎ᠠ
ᠨᠡᠶᠢᠲᠡᠯᠡᠭᠰᠡᠨ ᠴᠠᠭ᠄
2024/6/3
      2024 ᠣᠨ ᠤ ᠡᠵᠡᠨ ᠬᠤᠷᠤᠭ᠎ᠠ ᠬᠤᠰᠢᠭᠤᠨ ᠤ ᠪᠥᠬᠦ ᠤᠯᠤᠰ ᠤᠨ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ 6 ᠳ᠋ᠤᠭᠠᠷ ᠰᠠᠷ᠎ᠠ ᠶᠢᠨ 7᠎ ᠤ ᠡᠳᠦᠷ ᠠᠴᠠ 8᠎ ᠤ ᠡᠳᠦᠷ ᠪᠣᠯᠲᠠᠯ᠎ᠠ ᠣᠷᠳᠣᠰ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠡᠵᠡᠨ ᠬᠤᠷᠤᠭ᠎ᠠ ᠬᠤᠰᠢᠭᠤᠨ ᠳᠠᠬᠢ ᠰᠤᠷᠭᠠᠭᠤᠯᠢ ᠶᠢᠨ ᠲᠣᠭᠤᠷᠢᠭ ᠲᠤ ᠶᠠᠪᠤᠭᠳᠠᠬᠤ ᠪᠤᠯᠤᠨ᠎ᠠ᠃ ᠰᠢᠯᠭᠠᠯᠲᠠ ᠶᠢᠨ ᠬᠤᠭᠤᠴᠠᠭᠠᠨ ᠳᠤ ᠵᠠᠮ ᠬᠠᠷᠢᠯᠴᠠᠭᠠᠨ ᠤ ᠠᠮᠤᠷ ᠲᠦᠪᠰᠢᠨ᠂ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠵᠤ᠂ ᠰᠢᠯᠭᠠᠯᠲᠠ ᠶᠢᠨ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠬᠤ ᠶᠢᠨ ᠲᠥᠯᠥᠭᠡ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠰᠢᠯᠭᠠᠯᠲᠠ ᠶᠢᠨ ᠬᠤᠭᠤᠴᠠᠭᠠᠨ ᠳᠤ ᠡᠷᠬᠢᠨ ᠲᠣᠭᠤᠷᠢᠨ ᠤ ᠵᠠᠮ ᠤᠨ ᠬᠡᠰᠡᠭ ᠲᠤ ᠲᠦᠷ ᠴᠠᠭ ᠤᠨ ᠬᠠᠮᠢᠶᠠᠷᠤᠨ ᠡᠵᠡᠮᠳᠡᠬᠦ ᠠᠷᠭ᠎ᠠ ᠭᠡᠮᠵᠢᠶ᠎ᠡ ᠠᠪᠤᠨ᠎ᠠ᠃       ᠬᠠᠮᠢᠶᠠᠷᠤᠨ ᠡᠵᠡᠮᠳᠡᠬᠦ ᠵᠠᠮ ᠤᠨ ᠬᠡᠰᠡᠭ᠄      6 ᠳ᠋ᠤᠭᠠᠷ ᠰᠠᠷ᠎ᠠ ᠶᠢᠨ 7᠎ ᠤ ᠡᠳᠦᠷ ᠠᠴᠠ 8᠎ ᠤ ᠡᠳᠦᠷ ᠪᠤᠯᠳᠠᠯ᠎ᠠ᠂  ᠡᠳᠤᠷ ᠪᠦᠷᠢ ᠶᠢᠨ 07 ᠴᠠᠭ ᠠᠴᠠ 17 ᠴᠠᠭ ᠪᠣᠯᠲᠠᠯ᠎ᠠ ᠶᠢᠨ ᠬᠠᠢ ᠵᠠᠮ ︵ᠭᠡᠷᠯᠤᠨ ᠵᠠᠮ ᠠᠴᠠ  ᠱᠢ ᠵᠢᠢ ᠶᠡᠭᠡ ᠵᠠᠮ ᠤᠨ ᠬᠡᠰᠡᠭ︶᠂ ᠎ ᠶᠢᠨ ᠵᠤ᠋ ᠵᠡᠭᠡᠯᠢ ︵᠎ ᠶᠢᠨ ᠬᠠᠢ ᠵᠠᠮ ᠠᠴᠠ ᠎ ᠲᠠᠢ ᠺᠠᠩ ᠵᠡᠭᠦᠨ ᠵᠡᠭᠡᠯᠢ ᠶᠢᠨ ᠬᠡᠰᠡᠭ︶      ᠰᠢᠯᠭᠠᠯᠲᠠ ᠶᠢᠨ ᠬᠤᠭᠤᠴᠠᠭᠠᠨ ᠳᠤ ᠭᠡᠷ ᠤᠨ ᠠᠬᠠᠮᠠᠳ ᠤᠨ ᠲᠤᠰᠴᠤ ᠬᠦᠷᠭᠡᠬᠦ ᠲᠡᠷᠭᠡ ᠵᠤᠭᠰᠤᠭᠠᠬᠤ ᠭᠠᠵᠠᠷ᠄       ᠱᠢ ᠵᠢᠢ ᠶᠡᠭᠡ ᠵᠠᠮ ᠤᠨ ᠮᠠᠰᠢᠨᠲᠤ ᠪᠤᠰᠤ ᠲᠡᠷᠭᠡᠨ ᠤ ᠵᠠᠮ ᠤᠨ ᠳᠣᠲᠣᠷ᠎ᠠ᠂ ᠲᠠᠢ ᠺᠠᠩ ᠵᠡᠭᠦᠨ ᠵᠡᠭᠡᠯᠢ ᠶᠢᠨ ᠵᠠᠮ ᠤᠨ ᠬᠤᠶᠠᠷ ᠲᠠᠯ᠎ᠠ᠂ ᠶᠢᠨ ᠬᠠᠶ ᠵᠠᠮ ᠤᠨ ᠬᠡᠢ ᠨᠡᠮᠡᠬᠦ ᠥᠷᠲᠡᠭᠡᠨ ᠤ ᠡᠭᠦᠳᠡᠨ ᠡᠮᠦᠨᠡᠬᠢ ᠵᠠᠮ᠂  ᠭᠡᠷᠯᠤᠨ ᠵᠠᠮ᠂ ᠭᠡᠷᠯᠤᠨ ᠵᠠᠮ ︵᠎ ᠲᠠᠢ ᠺᠠᠩ ᠵᠡᠭᠦᠨ ᠵᠡᠭᠡᠯᠢ ᠠᠴᠠ  ᠱᠢ ᠵᠢᠢ ᠶᠡᠭᠡ ᠵᠠᠮ ᠬᠦᠷᠲᠡᠯᠡᠬᠢ ᠬᠡᠰᠡᠭ︶      ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠤᠭᠤᠴᠠᠭᠠᠨ ᠳᠤ ᠣᠷᠳᠣᠰ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠡᠵᠡᠨ ᠬᠤᠷᠤᠭ᠎ᠠ ᠬᠤᠰᠢᠭᠤᠨ ᠳᠠᠬᠢ ᠰᠤᠷᠭᠠᠭᠤᠯᠢ ᠶᠢᠨ ᠲᠣᠭᠤᠷᠢᠭ ᠤᠨ ᠣᠶᠢᠷ᠎ᠠ ᠬᠠᠪᠢ ᠪᠠᠷ ᠨᠡᠪᠲᠡᠷᠡᠬᠦ ᠲᠡᠷᠭᠡ ᠬᠥᠰᠬᠡ ᠨᠦᠭᠦᠳ ᠪᠦᠷᠢᠶ᠎ᠡ ᠪᠠᠨ ᠳᠤᠤᠭᠠᠷᠭᠠᠬᠤ ᠦᠭᠡᠢ ᠪᠠᠶᠢᠵᠤ᠂ ᠬᠤᠷᠳᠤᠴᠠ ᠪᠠᠨ ᠪᠠᠭᠠᠰᠬᠠᠨ ᠤᠳᠠᠭᠠᠨ ᠠᠶᠠᠯᠠᠵᠤ᠂ ᠨᠡᠶᠢᠲᠡ ᠶᠢᠨ ᠮᠠᠰᠢᠨ ᠲᠡᠷᠭᠡᠨ ᠤ ᠵᠢᠯᠣᠭᠤᠴᠢ ᠠᠯᠢ ᠴᠢᠳᠠᠬᠤ ᠪᠠᠷ ᠪᠦᠷᠢᠶ᠎ᠡ ᠪᠠᠨ ᠲᠤᠤᠭᠠᠷᠭᠠᠬᠤ ᠦᠭᠡᠢ ᠪᠠᠶᠢᠵᠤ᠂ ᠲᠠᠭᠤ ᠱᠤᠤᠭᠢᠶᠠᠨ ᠢ ᠪᠠᠭᠠᠰᠬᠠᠨ᠂ ᠰᠢᠯᠭᠠᠭᠤᠯᠤᠭᠰᠠᠳ ᠲᠤ ᠰᠠᠶᠢᠨ ᠰᠠᠶᠢᠬᠠᠨ ᠰᠢᠯᠭᠠᠯᠳᠠ ᠶᠢᠨ ᠤᠷᠴᠢᠨ ᠨᠦᠬᠦᠴᠡᠯ ᠢ ᠬᠠᠩᠭᠠᠨ ᠥᠭᠬᠦ ᠶᠢ ᠦᠨᠡᠨ ᠬᠦ ᠪᠠᠳᠤᠯᠠᠨ᠎ᠠ᠃      ᠵᠠᠮ ᠬᠠᠷᠢᠯᠴᠠᠭᠠᠨ ᠤ ᠬᠠᠮᠢᠶᠠᠷᠤᠨ ᠡᠵᠡᠮᠳᠡᠵᠦ ᠪᠠᠶᠢᠭ᠎ᠠ ᠬᠤᠭᠤᠴᠠᠭᠠᠨ ᠳᠤ᠂ ᠵᠠᠮ ᠬᠠᠷᠢᠯᠴᠠᠭᠠᠨ ᠤ ᠬᠠᠮᠢᠶᠠᠷᠤᠨ ᠡᠵᠡᠮᠳᠡᠬᠦ ᠵᠠᠮ ᠤᠨ ᠬᠡᠰᠡᠭ ᠲᠤ ᠲᠡᠷᠭᠡ ᠮᠠᠰᠢᠨ ᠨᠡᠪᠲᠡᠷᠡᠬᠦ ᠶᠢ ᠴᠠᠭᠠᠵᠠᠯᠠᠨ᠎ᠠ᠂ ᠳᠡᠭᠡᠷ᠎ᠡ ᠳᠤᠷᠠᠳᠤᠭᠰᠠᠨ ᠵᠠᠮ ᠤᠨ ᠬᠡᠰᠡᠭ ᠢᠶᠠᠷ ᠨᠡᠪᠲᠡᠷᠡᠬᠦ ᠲᠡᠷᠭᠡ ᠬᠥᠰᠬᠡ ᠶᠠᠪᠤᠵᠤ ᠰᠠᠭᠤᠬᠤ ᠪᠠᠨ ᠤᠷᠢᠳᠴᠢᠯᠠᠨ ᠰᠠᠶᠢᠲᠤᠷ ᠲᠣᠬᠢᠷᠠᠭᠤᠯᠬᠤ ᠬᠡᠷᠡᠭᠲᠡᠶ᠂ ᠵᠠᠮ ᠬᠠᠷᠢᠯᠴᠠᠭᠠᠨ ᠤ ᠬᠠᠮᠢᠶᠠᠷᠤᠨ ᠡᠵᠡᠮᠳᠡᠬᠦ ᠠᠴᠠ ᠪᠤᠯᠵᠤ ᠳᠥᠭᠦᠮ ᠦᠭᠡᠢ ᠪᠠᠶᠢᠳᠠᠯ ᠭᠠᠷᠤᠭᠰᠠᠨ ᠪᠤᠯ ᠥᠷᠭᠡᠨ ᠤᠯᠠᠨ ᠲᠦᠮᠡᠨ ᠣᠶᠢᠯᠠᠭᠠᠵᠤ ᠬᠠᠮᠵᠢᠯᠴᠠᠬᠤ ᠶᠢ ᠬᠦᠰᠡᠵᠦ ᠪᠠᠶᠢᠨ᠎ᠠ᠃      ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠳᠠᠲᠠᠶ ᠪᠠᠶᠢᠳᠠᠯ ᠢ ᠦᠨᠳᠦᠰᠦᠯᠡᠨ᠂ ᠪᠠᠶᠢᠳᠠᠯ ᠢ ᠨᠢ ᠦᠵᠡᠵᠦ ᠪᠠᠶᠢᠭᠠᠳ ᠵᠠᠮ ᠬᠠᠷᠢᠯᠴᠠᠭᠠᠨ ᠤ ᠬᠠᠮᠢᠶᠠᠷᠤᠨ ᠡᠵᠡᠮᠳᠡᠬᠦ ᠬᠡᠪᠴᠢᠶ᠎ᠡ ᠪᠠᠨ ᠥᠷᠭᠡᠳᠬᠡᠬᠦ ᠪᠤᠶᠤ ᠪᠠᠭᠠᠰᠬᠠᠨ᠎ᠠ᠃                  
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ  ᠤᠨ ᠲᠦᠪ